ᠢᠳᠡᠭᠡᠨ ᠤᠮᠳᠠᠭᠠᠨ
ᠨᠡᠶᠢᠲᠡᠯᠡᠭᠰᠡᠨ ᠴᠠᠭ᠄
2017/6/21
       ᠮᠤᠩᠭᠤᠯᠴᠤᠳ ᠤᠨ ᠤᠯᠠᠮᠵᠢᠯᠠᠯᠳᠤ ᠢᠳᠡᠭᠡᠨ ᠤᠮᠳᠠᠭᠠᠨ ᠪᠤᠯ ᠭᠤᠤᠯᠳᠠᠭᠤ ᠲᠠᠪᠤᠨ ᠬᠤᠰᠢᠭᠤ ᠮᠠᠯ ᠤᠨ ᠎ ᠢᠶᠠᠨ ᠠᠰᠢᠭ ᠰᠢᠮ᠎ᠡ ᠠᠴᠠ ᠢᠷᠡᠯᠳᠡ ᠲᠠᠢ ᠪᠠᠶᠢᠳᠠᠭ᠃ ᠶᠡᠭᠡ ᠲᠦᠯᠦᠪ ᠤᠯᠠᠭᠠᠨ ᠢᠳᠡᠭᠡᠨ᠂ ᠴᠠᠭᠠᠨ ᠢᠳᠡᠭᠡᠨ ᠭᠡᠵᠤ ᠢᠯᠭᠠᠳᠠᠭ᠃ ᠲᠠᠪᠤᠨ ᠬᠤᠰᠢᠭᠤ ᠮᠠᠯ ᠤᠨ ᠮᠢᠬ᠎ᠠ ᠶᠢ ᠮᠤᠩᠭᠤᠯᠴᠤᠳ ︽ᠤᠯᠠᠭᠠᠨ ᠢᠳᠡᠭᠡᠨ︾ ᠭᠡᠳᠡᠭ᠃ ᠰᠦ ᠠᠴᠠ ᠢᠷᠡᠯᠳᠡ ᠲᠠᠢ ᠢᠳᠡᠭᠡᠨ ᠤᠮᠳᠠᠭᠠᠨ ᠢᠶᠠᠨ ︽ᠴᠠᠭᠠᠨ ᠢᠳᠡᠭᠡᠨ︾ ᠭᠡᠳᠡᠭ᠃ ᠲᠠᠪᠤᠨ ᠬᠤᠰᠢᠭᠤ ᠮᠠᠯ ᠤᠨ ᠰᠦ ᠪᠠᠷ ᠦᠷᠦᠮ᠎ᠡ᠂ ᠵᠦᠭᠡᠭᠡᠢ᠂ ᠲᠠᠷᠠᠭ᠂ ᠬᠤᠭᠤᠷᠮᠠᠭ᠂ ᠡᠭᠡᠳᠡᠮᠡᠭ᠂ ᠴᠠᠭ᠎ᠠ᠂ ᠠᠶᠢᠷᠠᠭ᠂ ᠴᠡᠭᠡ᠂ ᠰᠠᠷᠬᠤᠳ᠂ ᠰᠢᠷ᠎ᠠ ᠲᠤᠰᠤ᠂ ᠴᠠᠭᠠᠨ ᠲᠤᠰᠤ᠂ ᠴᠦᠴᠦᠭᠡᠢ᠂ ᠠᠭᠠᠷᠴᠠ᠂ ᠬᠤᠷᠤᠳ᠂ ᠪᠢᠰᠢᠯᠠᠭ᠂ ᠠᠭᠠᠷᠤᠤᠯ᠂ ᠡᠭᠡᠵᠡᠭᠡᠢ ᠭᠡᠬᠦ ᠮᠡᠳᠤ ᠶᠢᠨ ᠤᠯᠠᠨ ᠵᠦᠢᠯ ᠤᠨ ᠴᠠᠭᠠᠨ ᠢᠳᠡᠭᠡᠨ ᠪᠡ ᠴᠢᠨᠠᠭᠰᠠᠨ ᠮᠢᠬ᠎ᠠ ᠪᠦᠬᠦᠯᠢ  ᠰᠢᠬᠦᠰᠦ ᠵᠡᠷᠭᠡ ᠤᠯᠠᠭᠠᠨ ᠢᠳᠡᠭᠡᠨ ᠢ ᠴᠦᠮ ᠢᠳᠡᠭᠡᠨ ᠤ ᠪᠠᠨ ᠲᠡᠭᠡᠳᠤ ᠪᠤᠯᠭᠠᠵᠤ᠂ ᠬᠦᠨᠳᠦᠳᠦ ᠵᠤᠴᠢᠨ᠂ ᠨᠠᠶᠢᠷ ᠬᠤᠷᠢᠮ᠂ ᠲᠠᠶᠢᠯᠭ᠎ᠠ ᠲᠠᠬᠢᠯᠭ᠎ᠠ ᠵᠡᠷᠭᠡ ᠴᠢᠬᠤᠯᠠ ᠶᠡᠭᠡ ᠶᠠᠪᠤᠳᠠᠯ ᠤᠨ ᠲᠡᠷᠢᠬᠦᠨ ᠳᠤ ᠡᠷᠬᠦᠵᠤ ᠬᠦᠨᠳᠦᠳᠭᠡᠯ ᠢᠯᠡᠷᠭᠡᠶᠢᠯᠡᠳᠡᠭ ᠶᠤᠮ᠂ ᠮᠦᠨᠴᠦ ᠤᠪᠤᠭ᠎ᠠ ᠲᠠᠬᠢᠬᠤ ᠡᠷᠬᠦᠯ ᠡᠳ᠋ ᠪᠤᠯᠭᠠᠳᠠᠭ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号