ᠰᠥᠨᠢᠳ ᠪᠠᠷᠠᠭᠤᠨ ᠬᠤᠰᠢᠭᠤ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ    ᠭᠠᠷᠠᠭ    ᠤᠨ  ᠠᠵᠢᠯᠯᠠᠭ᠎ᠠ  ᠥᠷᠨᠢᠭᠦ
ᠨᠡᠶᠢᠲᠡᠯᠡᠭᠰᠡᠨ ᠴᠠᠭ᠄
2017/6/26
        ᠤᠶᠢᠷ᠎ᠠ ᠳᠤ᠂ ᠰᠥᠨᠢᠳ ᠪᠠᠷᠠᠭᠤᠨ ᠬᠤᠰᠢᠭᠤᠨ ᠤ ᠤᠬᠠᠭᠤᠯᠬᠤ ᠬᠡᠯᠲᠡᠰ᠂ ᠤᠳᠬ᠎ᠠ ᠤᠷᠠᠯᠢᠭ ᠤᠨ  ᠬᠢᠨ ᠤ ᠬᠤᠯᠪᠣᠭ᠎ᠠ᠂ ᠨᠣᠮ ᠤᠨ ᠰᠠᠩ᠂ ᠡᠷᠢᠶᠡᠠᠨᠠᠭᠤᠷ ᠰᠤᠮᠤᠨ ᠤ ᠷᠠᠰᠢᠶᠠᠨᠲᠤ ᠭᠠᠴᠠᠭ᠎ᠠ ᠬᠠᠮᠲᠤᠷᠠᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠭᠠᠷᠠᠭ ᠤᠨ ᠠᠵᠢᠯᠯᠠᠭ᠎ᠠ ᠪᠠ ᠰᠥᠨᠢᠳ ᠪᠠᠷᠠᠭᠤᠨ ᠬᠤᠰᠢᠭᠤᠨ ᠤ ᠤᠳᠬ᠎ᠠ ᠤᠷᠠᠯᠢᠭ ᠤᠨ ᠰᠠᠶᠢᠨ ᠳᠤᠷᠠᠴᠤᠤᠯ ᠤᠨ ᠦᠢᠯᠡᠴᠢᠯᠡᠭᠡᠨ ᠤ ᠠᠵᠢᠯᠯᠠᠭ᠎ᠠ ᠶᠢ ᠶᠠᠪᠤᠭᠳᠠᠭᠤᠯᠵᠠᠢ᠃ ᠠᠵᠢᠯᠯᠠᠭ᠎ᠠ ᠨᠢ ᠰᠢ  ᠶᠢᠨ ᠫᠢᠩ ᠶᠡᠷᠦᠩᠬᠡᠢ ᠱᠦᠵᠢ ᠶᠢᠨ ᠬᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠵᠢᠯ ᠤᠨ ᠰᠠᠭᠤᠳᠠᠯ  ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠪᠦᠲᠦᠭᠡᠯᠴᠢ᠂ ᠵᠤᠬᠢᠴᠠᠩᠭᠤᠢ᠂ ᠪᠠᠶᠢᠭᠠᠯᠢᠯᠢᠭ᠂ ᠴᠢᠯᠦᠭᠡᠲᠡᠢ᠂ ᠬᠠᠮᠲᠤᠪᠡᠷ ᠡᠳ᠋ᠯᠡᠬᠦ ᠬᠥᠭᠵᠢᠯᠲᠡ ᠶᠢᠨ ᠦᠵᠡᠯᠲᠡ ᠶᠢ ᠢᠳᠡᠪᠬᠢᠲᠡᠢ ᠰᠠᠨᠠᠭᠠᠴᠢᠯᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠨᠡᠶᠢᠭᠡᠮ ᠤᠨ ᠶᠡᠷᠦᠩᠬᠡᠢ ᠬᠠᠷᠠᠯᠲᠠ ᠶᠢᠨ ᠲᠤᠭᠤᠷᠢᠨ ᠳᠤ᠂ ᠨᠡᠶᠢᠭᠡᠮ ᠤᠨ ᠰᠢᠨᠵᠢᠯᠡᠬᠦ ᠤᠬᠠᠭᠠᠨ ᠤ ᠤᠨᠤᠯ ᠮᠡᠳᠡᠯᠭᠡ ᠪᠠ ᠦᠷ᠎ᠡ ᠪᠦᠲᠤᠮᠵᠢ ᠶᠢ ᠨᠡᠶᠢᠭᠡᠮ ᠳᠠᠶᠠᠭᠠᠷ ᠰᠤᠷᠲᠠᠯᠴᠢᠯᠠᠵᠤ᠂ ᠨᠡᠶᠢᠭᠡᠮ ᠤᠨ ᠪᠦᠬᠦ ᠲᠠᠯ᠎ᠠ ᠶᠢᠨ ᠳᠠᠪᠰᠢᠯᠳᠠ ᠶᠢ ᠠᠬᠢᠭᠤᠯᠬᠤ ᠶᠢᠨ ᠲᠥᠯᠦᠭᠡ ᠶᠤᠮ᠃        ᠠᠵᠢᠯᠯᠠᠭ᠎ᠠ ᠨᠢ  ︽ᠦᠷᠦ ᠬᠠᠶᠢᠷ᠎ᠠ ᠶᠢᠨ ᠦᠮᠦᠭ ᠲᠦᠰᠢᠭ ᠲᠠᠢ᠂ ᠦᠵᠡᠰᠭᠦᠯᠡᠩᠲᠦ ᠰᠠᠶᠢᠬᠠᠨ ᠤᠮᠠᠷᠠᠲᠦ ᠬᠢᠵᠠᠭᠠᠷ︾ ᠭᠡᠬᠦ ᠭᠤᠤᠯ ᠰᠡᠳᠦᠪ ᠤᠨ ᠲᠤᠭᠤᠷᠢᠨ ᠳᠤ ᠶᠠᠪᠤᠭᠳᠠᠵᠦ᠂ ᠬᠤᠰᠢᠭᠤ ᠨᠠᠮ ᠤᠨ ᠰᠤᠷᠭᠠᠭᠤᠯᠢ ᠶᠢᠨ ᠪᠠᠭᠰᠢ ᠶᠢᠨ ᠬᠢᠴᠢᠶᠡᠯᠯᠡᠭᠡ᠂ ᠤᠬᠠᠭᠤᠯᠭ᠎ᠠ ᠶᠢᠨ ᠰᠠᠮᠪᠠᠷ᠎ᠠ᠂ ᠬᠤᠰᠢᠭᠤ ᠤᠯᠠᠭᠠᠨᠮᠦ᠋ᠴᠢᠷ ᠤᠨ ᠲᠤᠭᠯᠠᠯᠲᠠ ᠪᠠ ᠨᠣᠮ ᠪᠢᠴᠢᠭ ᠪᠡᠯᠡᠭᠯᠡᠬᠦ ᠵᠡᠷᠭᠡ ᠠᠭᠤᠯᠭ᠎ᠠ ᠶᠢ ᠶᠠᠪᠤᠭᠳᠠᠭᠤᠯᠵᠤ᠂ ᠬᠤᠰᠢᠭᠤ ᠨᠠᠮ ᠤᠨ ᠰᠤᠷᠭᠠᠭᠤᠯᠢ ᠶᠢᠨ ᠡᠷᠳᠡᠨᠢᠪᠠᠭᠠᠲᠤᠷ ᠪᠠᠭᠰᠢ ᠠᠴᠠ ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ ᠰᠤᠷᠤᠯᠴᠠᠯᠭ᠎ᠠ ᠬᠥᠮᠥᠵᠢᠯ ᠢ ᠪᠠᠶᠢᠩᠭᠤᠵᠢᠭᠤᠯᠤᠨ ᠳᠦᠷᠢᠮᠵᠢᠭᠦᠯᠬᠦ᠂ ᠶᠠᠳᠠᠭᠤ ᠶᠢ ᠲᠡᠳᠬᠦᠵᠦ ᠶᠠᠳᠠᠭᠤ ᠠᠴᠠ ᠠᠩᠭᠢᠵᠢᠷᠠᠭᠤᠯᠬᠤ ᠠᠷᠭ᠎ᠠ ᠵᠠᠮ᠂ ᠮᠠᠯᠴᠢᠳ ᠤᠨ ᠦᠵᠡᠯ ᠤᠬᠠᠮᠰᠠᠷ ᠲᠤ ᠣᠷᠣᠰᠢᠵᠤ ᠪᠠᠶᠢᠭ᠎ᠠ ᠬᠡᠳᠦᠨ ᠠᠰᠠᠭᠤᠳᠠᠯ ᠵᠡᠷᠭᠡ ᠭᠤᠷᠪᠠᠨ ᠲᠠᠯ᠎ᠠ ᠠᠴᠠ ᠨᠠᠷᠢᠨ ᠣᠶᠢᠯᠠᠭᠠᠮᠵᠢᠲᠠᠢ ᠲᠠᠶᠢᠯᠪᠤᠷᠢᠯᠠᠵᠤ᠂ ᠮᠠᠯᠴᠢᠳ ᠤᠨ ᠨᠡᠶᠢᠭᠡᠮ ᠤᠨ ᠰᠢᠨᠵᠢᠯᠡᠬᠦ ᠤᠬᠠᠭᠠᠨ ᠲᠠᠢ ᠲᠠᠨᠢᠯᠴᠠᠬᠤ ᠳᠤ ᠳᠥᠬᠦᠮ ᠨᠦᠬᠦᠴᠡᠯ ᠬᠠᠩᠭᠠᠭᠰᠠᠨ ᠶᠤᠮ᠃  ︵ᠪᠤᠷᠮ᠎ᠠ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号