ᠰᠦᠨᠢᠳ ᠸᠠᠩ ᠤᠨ ᠤᠷᠳᠤᠨ
ᠨᠡᠶᠢᠲᠡᠯᠡᠭᠰᠡᠨ ᠴᠠᠭ᠄
2017/6/27
       ᠰᠦᠨᠢᠳ ᠸᠠᠩ ᠤᠨ ᠤᠷᠳᠤᠨ ᠪᠤᠯ ᠦᠪᠡᠷᠳᠡᠭᠡᠨ ᠵᠠᠰᠠᠬᠤ ᠤᠷᠤᠨ ᠤ ᠲᠡᠰ ᠤᠨ ᠭᠤᠤᠯᠳᠠᠯᠭ᠎ᠠ ᠲᠠᠢ ᠲᠡᠤᠬᠡ ᠶᠢᠨ ᠲᠤᠷᠠᠰᠬᠠᠯᠲᠦ ᠵᠤᠶᠢᠯᠡᠰ ᠢ ᠬᠠᠮᠠᠭᠠᠯᠠᠬᠤ ᠨᠢᠭᠡᠴᠢ ᠪᠤᠯᠤᠨ᠎ᠠ᠃ ᠬᠤᠰᠢᠭᠤ ᠵᠠᠰᠠᠭ ᠤᠨ ᠤᠷᠳᠤᠨ ᠤ ᠪᠠᠶᠢᠭ᠎ᠠ ᠭᠠᠵᠠᠷ ᠰᠠᠶᠢᠬᠠᠨᠳᠠᠯ᠎ᠠ ᠪᠠᠯᠭᠠᠰᠦ ᠠᠴᠠ ᠡᠮᠤᠨᠡᠰᠢ 45 ᠺᠢᠯᠤᠮᠧᠲᠷ ᠲᠤ ᠪᠠᠶᠢᠷᠢᠰᠢᠵᠦ᠂ 1863 ᠤᠨ ᠳᠤ ᠪᠠᠶᠢᠭᠤᠯᠤᠭᠳᠠᠭᠰᠠᠨ ᠰᠢᠯᠢ ᠶᠢᠨ ᠭᠤᠤᠯ ᠠᠶᠢᠮᠠᠭ ᠲᠠᠬᠢ ᠬᠠᠮᠤᠭ ᠠᠩᠬᠠᠨ ᠤ ᠰᠠᠭᠤᠷᠢᠰᠢᠯ ᠸᠠᠩ ᠤᠨ ᠤᠷᠳᠤᠨ ᠪᠤᠯᠤᠨ᠎ᠠ᠃ ᠸᠠᠩ ᠤᠨ ᠤᠷᠳᠤᠨ 2.25 ᠲᠡᠭᠰᠢ ᠲᠦᠷᠪᠡᠯᠵᠢᠨ ᠺᠢᠯᠤᠮᠧᠲᠷ ᠭᠠᠵᠠᠷ ᠡᠵᠡᠯᠡᠵᠦ᠂ ᠪᠠᠷᠢᠯᠭ᠎ᠠ ᠶᠢᠨ ᠲᠠᠯᠠᠪᠠᠢ 5000 ᠲᠡᠭᠰᠢ ᠲᠦᠷᠪᠡᠯᠵᠢᠨ ᠮᠧᠲᠷ᠂ ᠭᠤᠤᠯ ᠤᠷᠳᠤᠨ᠂ ᠵᠡᠬᠦᠨ ᠪᠠᠷᠠᠭᠤᠨ ᠤᠷᠳᠤᠨ ᠢᠶᠠᠷ ᠪᠥᠷᠢᠯᠳᠦᠭᠰᠡᠨ ᠨᠡᠶᠢᠳᠡ 83 ᠳᠠᠰᠤᠯᠭ᠎ᠠ ᠲᠠᠢ᠂ ᠰᠦᠨᠢᠳ ᠸᠠᠩ ᠤᠨ ᠤᠷᠳᠤᠨ ᠤ ᠪᠠᠷᠢᠯᠭ᠎ᠠ ᠶᠢᠨ ᠬᠡᠪᠴᠢᠶ᠎ᠠ ᠶᠡᠭᠡ᠂ ᠬᠡᠯᠪᠡᠷᠢ ᠰᠦᠷᠯᠢᠭ᠂ ᠬᠡᠪ ᠨᠠᠮᠪᠠ ᠡᠷᠬᠢᠮᠰᠦᠭ ᠪᠠᠶᠢᠵᠦ᠂ ᠲᠤᠬᠠᠢ ᠶᠢᠨ ᠦᠶ᠎ᠡ ᠶᠢᠨ ᠲᠠᠯ᠎ᠠ ᠨᠤᠳᠤᠭ ᠤᠨ ᠪᠠᠷᠢᠯᠭ᠎ᠠ ᠎ ᠶᠢᠨ ᠰᠤᠳᠤᠨ ᠭᠠᠶᠢᠬᠠᠮᠰᠢᠭ ᠢ ᠡᠭᠦᠳᠦᠭᠰᠡᠨ ᠪᠠᠶᠢᠳᠠᠭ᠃ ᠸᠠᠩ ᠤᠨ ᠤᠷᠳᠤᠨ ᠨᠢ ᠮᠤᠩᠭᠤᠯ ᠭᠡᠷ᠂ ᠰᠦᠯᠳᠡ ᠲᠠᠬᠢᠯᠭ᠎ᠠ᠂ ᠮᠤᠷᠢᠨ ᠱᠤᠩ ᠲᠠᠢ ᠤᠶᠠᠯᠳᠤᠨ ᠠᠭᠤᠰᠤᠯᠴᠠᠵᠦ ᠲᠠᠯ᠎ᠠ ᠨᠤᠳᠤᠭ ᠤᠨ ᠮᠤᠩᠭᠤᠯ ᠸᠠᠩ ᠤᠨ ᠤᠷᠳᠤᠨ ᠤ ᠬᠡᠪ ᠨᠠᠮᠪᠠ ᠶᠢ ᠢᠯᠡᠷᠡᠬᠦᠯᠵᠡᠢ᠃ 2007 ᠤᠨ ᠠᠴᠠ ᠡᠬᠢᠯᠡᠵᠦ ᠬᠤᠰᠢᠭᠤ ᠨᠠᠮ ᠵᠠᠰᠠᠭ ᠠᠴᠠ ᠶᠡᠭᠡ ᠬᠡᠮᠵᠢᠶᠡᠨ ᠤ ᠪᠡᠯᠡ ᠮᠥᠩᠬᠦ ᠤᠷᠤᠭᠤᠯᠤᠨ ᠪᠦᠬᠦ ᠲᠠᠯ᠎ᠠ ᠪᠠᠷ ᠰᠡᠷᠭᠦᠭᠡᠨ ᠵᠠᠰᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号