ᠴᠠᠭ ᠦᠶ᠎ᠡ ᠶᠢᠨ ᠰᠢᠯᠭᠠᠯᠳᠠ ᠳᠤ
ᠨᠡᠶᠢᠲᠡᠯᠡᠭᠰᠡᠨ ᠴᠠᠭ᠄
2017/6/27
       ᠨᠠᠶᠠᠭᠠᠳ ᠤᠨ ᠤ ᠰᠡᠬᠦᠯᠴᠢ ᠶᠡᠷᠡᠭᠡᠳ ᠤᠨ ᠤ ᠡᠬᠢᠨ ᠤ ᠲᠠᠸᠠᠷ ᠤᠨ ᠠᠵᠤ ᠠᠬᠤᠢ ᠶᠢᠨ ᠵᠠᠬ᠎ᠠ ᠲᠡᠯᠭᠡᠬᠦᠷᠵᠢᠯᠳᠡ ᠶᠢᠨ ᠤᠷᠤᠰᠬᠠᠯ ᠨᠢ ᠲᠤᠮᠳᠠᠳᠤ ᠶᠢᠨ ᠡᠯ᠎ᠡ ᠬᠦᠷᠢᠶ᠎ᠡ ᠴᠠᠷ᠎ᠡ ᠶᠢ ᠬᠦᠴᠦᠳᠠᠢ ᠨᠦᠯᠦᠭᠡᠯᠡᠵᠤ᠂ ᠪᠠᠷᠤᠭ ᠪᠦᠬᠦ ᠨᠡᠶᠢᠭᠡᠮ ᠢᠶᠠᠷ ᠢᠶᠠᠨ ︽ᠵᠤᠭᠤᠰ︾ ᠭᠡᠰᠡᠨ ᠨᠢᠭᠡᠯᠡ ᠵᠤᠷᠢᠯᠳᠠ ᠵᠦᠭ ᠢᠪᠡᠷᠡᠨ ᠨᠤᠷᠠᠵᠤ ᠪᠠᠶᠢᠯ᠎ᠠ᠃ ᠡᠨᠡ ᠤᠷᠤᠰᠬᠠᠯ ᠳᠤ ᠰᠤᠶᠤᠯ ᠤᠷᠠᠯᠢᠭ ᠤᠨ ᠬᠢᠨ ᠴᠦ ᠡᠷᠭᠡ ᠦᠭᠡᠢ ᠨᠦᠯᠦᠭᠡᠯᠡᠭᠳᠡᠵᠤ᠂ ᠲᠡᠤᠭᠡᠨ ᠠᠴᠠ ᠠᠪᠤᠭᠠᠳ ᠠᠷᠠᠯᠵᠢᠶ᠎ᠡ ᠮᠠᠶᠢᠮᠠᠢ ᠲᠠᠢ ᠲᠡᠶᠢᠮᠦ ᠴᠦ ᠬᠤᠯᠪᠤᠭ᠎ᠠ ᠰᠦᠯᠪᠡᠭᠡ ᠪᠠᠶᠢᠳᠠᠭ ᠦᠭᠡᠢ ᠰᠤᠶᠤᠯ ᠤᠷᠠᠯᠢᠭ ᠤᠨ ᠬᠢᠨ ᠴᠦ ︽ᠢᠴᠢᠮᠡᠳᠡᠭᠡᠢ︾ ᠵᠠᠩ ᠪᠠᠨ ᠦᠭᠡᠷᠡᠴᠢᠯᠡᠵᠤ᠂ ᠬᠤᠶᠢᠨ᠎ᠠ ᠬᠤᠶᠢᠨ᠎ᠠ ᠠᠴᠠ ᠪᠠᠨ ︽ᠲᠠᠯᠠᠢ︾ ᠳᠤ ᠤᠷᠤᠵᠤ ︽ᠱᠢᠷᠦ ᠰᠤᠪᠤᠳ︾ ᠲᠡᠬᠦᠵᠡᠭᠡᠭᠰᠡᠨ ᠪᠢᠯᠡ᠃ ᠲᠤᠮᠳᠠᠳᠤ ᠲᠠᠶᠠᠭᠠᠷ ᠠᠯᠳᠠᠷᠳᠠᠢ ᠵᠤᠬᠢᠶᠠᠯᠴᠢ ᠲᠤᠭᠯᠠᠭᠴᠢ ᠠᠴᠠ ᠠᠪᠤᠭᠠᠳ ᠡᠭᠡᠯ ᠵᠢᠷ ᠤᠨ ᠪᠢᠴᠢᠭ ᠤᠨ ᠬᠦᠮᠦᠨ᠂ ᠲᠠᠭᠤᠴᠢ ᠪᠦᠵᠢᠭᠴᠢᠳ ᠬᠦᠷᠳᠠᠯ᠎ᠠ ᠠᠷᠠᠯᠵᠢᠶ᠎ᠡ ᠬᠤᠳᠠᠯᠳᠤᠭ᠎ᠠ ᠬᠠᠶᠢᠵᠤ ᠡᠬᠢᠯᠡᠭᠰᠡᠨ ᠪᠢᠯᠡ᠃ ᠵᠠᠬ᠎ᠠ ᠲᠡᠯᠭᠡᠬᠦᠷ ᠤᠨ ᠨᠡᠯᠦᠭᠡᠷ ᠶᠡᠭᠡ ᠲᠠᠯᠠᠢ ᠳᠤ ᠤᠯᠠᠩᠬᠢ ᠬᠦᠮᠦᠰ ︽ᠤᠰᠤᠨ ᠳᠤ ᠴᠠᠴᠠᠵᠤ︾ ᠬᠠᠶᠢᠷ᠎ᠠ ᠨᠠᠶᠢᠷ ᠦᠭᠡᠢ ᠬᠦᠴᠦᠳᠤ ᠲᠠᠪᠠᠯᠭᠠᠨ ᠳᠤ ︽ᠲᠠᠯᠠᠢ ᠶᠢᠨ ᠡᠷᠬᠢ︾ ᠳᠤ ᠲᠡᠯᠡᠰᠦᠭᠳᠡᠨ ᠭᠠᠷᠴᠦ ᠪᠠᠶᠢᠯ᠎ᠠ᠃ ᠡᠨᠡᠬᠦ ᠨᠡᠶᠢᠭᠡᠮ ᠤᠨ ᠠᠵᠤ ᠠᠬᠤᠢ ᠶᠢᠨ ᠬᠦᠷᠢᠶᠠᠨ ᠳᠤ ᠶᠠᠪᠤᠭᠳᠠᠭᠰᠠᠨ ᠦᠭᠡᠷᠡᠴᠢᠯᠡᠯᠳᠡ ᠬᠤᠪᠢᠷᠡᠯᠳᠡ ᠨᠢ ᠨᠡᠶᠢᠭᠡᠮ ᠤᠨ ᠦᠵᠡᠯ ᠤᠬᠠᠮᠰᠠᠷ ᠤᠨ ᠬᠦᠷᠢᠶᠡᠨ ᠳᠤ ᠴᠦ ᠲᠤᠰᠬᠠᠯ ᠢᠶᠠᠨ ᠤᠯᠵᠤ᠂ ᠨᠡᠶᠢᠭᠡᠮ ᠤᠨ ᠦᠷᠳᠡᠭ ᠤᠨ ᠦᠵᠡᠯᠳᠡ᠂ ᠬᠦᠮᠦᠰ ᠤᠨ ᠬᠦᠰᠡᠯ ᠬᠦᠭᠡᠭᠡᠴᠡᠯᠳᠤᠯ ᠲᠦᠭᠡᠷᠢᠨ ᠪᠤᠳᠤᠯᠢᠵᠤ᠂ ᠶᠠᠭᠤ ᠵᠤᠷᠢᠵᠤ ᠶᠠᠭᠤᠨ ᠳᠤ ᠲᠡᠮᠡᠤᠯᠡᠬᠦ ᠪᠠᠨ ᠤᠯᠵᠤ ᠶᠠᠳᠠᠭᠰᠠᠨ ᠪᠠᠶᠢᠳᠠᠯ ᠢᠯᠡᠷᠡᠵᠤ ᠪᠠᠶᠢᠵᠠᠢ᠃ ᠡᠨᠡ ᠨᠢ ᠲᠠᠯ᠎ᠠ ᠨᠤᠳᠤᠭ ᠤᠨ ᠦᠨᠴᠦᠭ ᠪᠤᠯᠤᠩ ᠳᠤ ᠴᠦ ᠨᠦᠯᠦᠭᠡ ᠲᠤᠰᠬᠠᠯ ᠢᠶᠠᠨ ᠤᠯᠵᠤ᠂ ᠵᠠᠷᠢᠮ ᠤᠳᠤᠷᠢᠳᠤᠯᠭ᠎ᠠ ᠠᠴᠠ ᠡᠬᠢᠯᠡᠭᠡᠳ ᠲᠤᠭᠯᠠᠭᠴᠢ ᠬᠦᠷᠳᠡᠯ᠎ᠠ ᠤᠷᠮ᠎ᠠ ᠵᠤᠷᠢᠭ ᠬᠠᠷᠢᠵᠤ ︽ᠤᠯᠠᠭᠠᠨᠮᠦ᠋ᠴᠢᠷ ᠨᠢᠭᠡᠨᠳᠡ ᠲᠡᠤᠭᠡᠳᠤ ᠡᠬᠦᠷᠭᠡ ᠪᠠᠨ ᠬᠦᠢᠴᠡᠳᠭᠡᠵᠤ ᠪᠠᠷᠠᠭᠰᠠᠨ ᠂ ᠰᠢᠨ᠎ᠠ ᠴᠠᠭ ᠦᠶ᠎ᠡ ᠳᠤ ᠡᠶᠢᠮᠦᠷᠬᠦ ᠤᠷᠠᠯᠢᠭ ᠤᠨ ᠪᠦᠯᠬᠦᠮ ᠭᠡᠷᠡᠭᠴᠡᠭᠡ ᠦᠭᠡᠢ ᠪᠤᠯᠤᠭᠰᠠᠨ︾ ᠭᠡᠬᠦ ᠦᠵᠡᠯᠳᠡ ᠭᠠᠵᠠᠷ ᠠᠪᠴᠦ ᠪᠠᠶᠢᠯ᠎ᠠ᠃ ᠡᠶᠢᠮᠦᠷᠬᠦ ᠪᠠᠶᠢᠳᠠᠯ ᠲᠤᠤᠷ᠎ᠡ ᠤᠯᠠᠭᠠᠨᠮᠦ᠋ᠴᠢᠷ ᠤᠨ ᠬᠠᠮᠢᠶᠠᠷᠤᠯᠳᠠ ᠰᠤᠯᠠᠷᠠᠵᠤ᠂ ᠲᠤᠰᠬᠠᠢ ᠮᠡᠷᠭᠡᠵᠢᠯ ᠤᠨ ᠪᠤᠯᠪᠠᠰᠤᠷᠠᠯ ᠠᠯᠳᠠᠷᠠᠵᠤ᠂ ᠤᠯᠠᠭᠠᠨᠮᠦ᠋ᠴᠢᠷ ᠤᠨ ᠦᠭᠡᠷᠡᠴᠢᠯᠡᠯᠳᠡ ᠶᠢ ᠬᠢᠵᠤ ᠪᠠᠶᠢᠨ᠎ᠠ ᠭᠡᠮᠡᠨ ᠤᠯᠠᠭᠠᠨᠮᠦ᠋ᠴᠢᠷ ᠤᠨ ᠲᠠᠷᠤᠭ᠎ᠠ ᠶᠢ ᠤᠷᠢᠵᠤ ᠭᠡᠷᠡᠭᠯᠡᠬᠦ ᠲᠦᠷᠢᠮ ᠢᠶᠠᠷ ᠲᠠᠷᠤᠭ᠎ᠠ ᠨᠢ ᠡᠳᠤᠷ ᠤᠨ ᠮᠠᠷᠭᠠᠰᠢ ᠰᠤᠯᠢᠭᠳᠠᠵᠤ ᠪᠠᠶᠢᠭᠰᠠᠨ ᠴᠦ ᠲᠠᠮᠫᠤᠷᠠᠭᠰᠠᠨ ᠪᠠᠶᠢᠳᠠᠯ ᠢ ᠬᠤᠪᠢᠷᠠᠭᠤᠯᠵᠤ ᠴᠢᠳᠠᠭᠰᠠᠨ ᠦᠭᠡᠢ ᠮᠦᠷᠳᠡᠭᠡᠨ 70% ᠶᠢᠨ ᠵᠦᠷᠢᠶᠡᠳᠤ ᠴᠠᠯᠢᠩ ᠤᠨ ᠲᠦᠷᠢᠮ ᠨᠢ ᠲᠤᠭᠯᠠᠭᠴᠢᠳ ᠤᠨ ᠢᠳᠡᠪᠬᠢᠵᠢᠯ ᠢ ᠶᠡᠭᠡᠳᠡ ᠨᠦᠯᠦᠭᠡᠯᠡᠵᠤ᠂ ᠠᠮᠢ ᠪᠠᠨ ᠠᠷᠭᠠᠴᠠᠬᠤ ᠦᠭᠡᠷ᠎ᠡ ᠠᠷᠭ᠎ᠠ ᠵᠠᠮ ᠬᠠᠶᠢᠵᠤ ᠪᠠᠶᠢᠪᠠ᠃ ᠬᠤᠰᠢᠭᠤ ᠵᠠᠰᠠᠭ ᠨᠢ ᠴᠦ ᠬᠠᠮᠢᠶᠠᠷᠤᠯᠳᠠ ᠪᠠᠨ ᠰᠤᠯᠠᠷᠠᠭᠤᠯᠵᠤ ᠤᠯᠠᠭᠠᠨᠮᠦ᠋ᠴᠢᠷ ᠢ ᠵᠠᠬ᠎ᠠ ᠲᠠᠯᠭᠡᠬᠦᠷ ᠲᠤ ᠬᠠᠶᠠᠵᠤ ᠦᠭᠬᠦᠭᠰᠡᠨ ᠠᠴᠠ ᠤᠯᠠᠭᠠᠨᠮᠦ᠋ᠴᠢᠷ ᠨᠢ ︽ᠲᠤᠭᠯᠠᠭᠴᠢ᠂ ᠤᠬᠠᠭᠤᠯᠤᠭᠴᠢ᠂ ᠵᠢᠯᠤᠭᠤᠳᠤᠭᠴᠢ᠂ ᠤᠶᠢᠯᠡᠴᠢᠯᠡᠭᠴᠢ︾ ᠭᠡᠬᠦ ᠤᠳᠤᠮᠰᠢᠯ ᠢᠶᠠᠨ ᠠᠯᠳᠠᠬᠤ ᠳᠤ ᠬᠦᠷᠴᠦ᠂ ᠵᠠᠷᠢᠮ ᠬᠦᠮᠦᠨ ᠤ ᠮᠦᠩᠬᠦ ᠬᠤᠷᠢᠶᠠᠬᠤ ᠪᠠᠭᠠᠵᠢ ᠰᠢᠬ ᠪᠤᠯᠵᠤ᠂ ᠤᠯᠠᠭᠠᠨᠮᠦ᠋ᠴᠢᠷ ᠢᠶᠠᠨ ᠲᠠᠭᠠᠭᠠᠯᠤᠨ ᠡᠮᠦᠨ᠎ᠡ ᠤᠷᠤᠨ ᠤ ᠡᠨᠡ ᠲᠡᠷᠡ ᠬᠤᠳᠠ ᠪᠠᠷ ᠤᠯᠵᠡ ᠬᠠᠶᠢᠵᠤ ᠴᠦ ᠦᠩᠭᠡᠷᠡᠭᠰᠡᠨ ᠠᠵᠠᠢ᠃        ᠭᠡᠬᠦ ᠳᠡᠭᠡᠨ ︽ᠬᠦᠩᠭᠡᠨ ᠠᠪᠰᠠᠷ ᠵᠤᠬᠢᠶᠠᠨ ᠪᠠᠶᠢᠭᠤᠯᠤᠳᠠ᠂ ᠨᠢᠭᠡ ᠳᠤ ᠮᠡᠷᠭᠡᠰᠢᠵᠤ᠂ ᠤᠯᠠᠨ ᠳᠤ ᠴᠠᠭᠠᠷᠠᠭᠰᠠᠨ︾ ᠦᠪᠡᠷᠮᠢᠴᠡ ᠤᠨᠴᠠᠯᠢᠭ ᠢᠶᠠᠷ ᠢᠶᠠᠨ ᠨᠢᠭᠡᠨ ᠦᠶ᠎ᠡ ᠲᠤᠮᠳᠠᠳᠤ ᠲᠠᠶᠠᠭᠠᠷ ᠢ ᠲᠤᠷᠬᠢᠭᠤᠯᠤᠭᠰᠠᠨ ︽ᠲᠠᠯ᠎ᠠ ᠨᠤᠳᠤᠭ ᠤᠨ ᠬᠦᠩᠭᠡᠨ ᠮᠤᠷᠢᠳᠤ ᠴᠡᠷᠢᠭ︾ ᠢ ᠬᠦᠮᠦᠰ ᠮᠠᠷᠳᠠᠭ᠎ᠠ ᠦᠭᠡᠢ ᠯᠡ ᠪᠠᠶᠢᠯ᠎ᠠ᠃ ᠶᠠᠭᠠᠬᠢᠬᠤ ᠪᠠᠷ ᠢᠶᠠᠨ ᠮᠠᠷᠳᠠᠳᠠᠭ ᠦᠭᠡᠢ ᠶᠤᠮ︖ ᠭᠡᠪᠡᠯ ᠲᠤᠮᠳᠠᠳᠤ ᠶᠢᠨ ᠦᠷᠭᠡᠨ ᠲᠡᠯᠭᠡᠷ ᠤᠷᠠᠯᠢᠭ ᠤᠨ ᠲᠠᠶᠢᠰᠠᠨ ᠳᠤ ᠲᠡᠬᠦᠨ ᠤ ᠦᠪᠡᠷ ᠤᠨ ᠬᠢᠨᠢ ᠤᠷᠤᠨ ᠵᠠᠢ ᠤᠷᠤᠰᠢᠭᠰᠠᠭᠠᠷ ᠭᠡᠳᠡᠭ ᠲᠤ ᠪᠠᠶᠢᠭ᠎ᠠ ᠶᠤᠮ᠃ 1996 ᠤᠨ ᠤ 9 ᠰᠠᠷ᠎ᠠ ᠳᠤ ᠲᠦᠪ ᠤᠨ ᠲᠧᠯᠸᠢᠰ ᠬᠤᠷᠢᠶ᠎ᠠ ᠰᠦᠨᠢᠳ ᠪᠠᠷᠠᠭᠤᠨ ᠬᠤᠰᠢᠭᠤᠨ ᠳᠤ ᠢᠷᠡᠵᠤ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠲᠦᠴᠢᠨ ᠵᠢᠯ ᠤᠨ ᠤᠯᠠ ᠮᠦᠷ ᠢ ᠬᠠᠷᠠᠭᠤᠯᠤᠭᠰᠠᠨ ︽ᠲᠠᠯ᠎ᠠ ᠨᠤᠳᠤᠭ ᠤᠨ ᠬᠦᠩᠭᠡᠨ ᠮᠤᠷᠢᠳᠤ ᠴᠡᠷᠢᠭ - ᠤᠯᠠᠭᠠᠨᠮᠦ᠋ᠴᠢᠷ︾ ᠭᠡᠬᠦ ᠲᠤᠮᠦ ᠭᠡᠯᠪᠡᠷᠢ ᠶᠢᠨ ᠲᠤᠰᠬᠠᠢ ᠹᠢᠯᠢᠮ ᠰᠡᠬᠦᠳᠡᠷᠯᠡᠨ ᠤᠶᠢᠯᠡᠳᠴᠡᠢ᠃ ᠲᠠᠷᠠᠭ᠎ᠠ ᠵᠢᠯ ᠤᠨ ᠬᠢᠨᠢ ᠡᠬᠢᠨ ᠳᠤ ᠦᠪᠡᠷᠳᠡᠭᠡᠨ ᠵᠠᠰᠠᠬᠤ ᠤᠷᠤᠨ ᠤ ᠰᠤᠶᠤᠯ ᠤᠨ ᠲᠢᠩᠬᠢᠮ ᠤᠨ ᠤᠳᠤᠷᠢᠳᠤᠯᠭ᠎ᠠ ᠪᠤᠯᠤᠨ ︽ᠠᠷᠠᠳ ᠤᠨ ᠡᠳᠤᠷ ᠤᠨ ᠰᠤᠨᠢᠨ︾ ᠤ ᠰᠤᠷᠪᠤᠯᠵᠢᠯᠠᠭᠴᠢ ᠢᠷᠡᠵᠤ᠂ ᠤᠯᠠᠭᠠᠨᠮᠦ᠋ᠴᠢᠷ ᠤᠨ ᠪᠠᠶᠢᠳᠠᠯ ᠢ ᠤᠶᠢᠯᠠᠭᠠᠨ ᠪᠠᠶᠢᠴᠠᠭᠠᠵᠠᠢ᠃ ᠬᠤᠰᠢᠭᠤ ᠵᠠᠰᠠᠭ ᠤᠨ ᠤᠷᠳᠤᠨ ᠨᠢ ᠴᠦ ᠤᠯᠠᠭᠠᠨᠮᠦ᠋ᠴᠢᠷ ᠤᠨ ᠦᠭᠡᠷᠡᠴᠢᠯᠡᠯᠳᠡ ᠶᠢ ᠬᠡᠷᠬᠢᠨ ᠬᠢᠬᠦ ᠲᠤᠬᠠᠢ ᠲᠠᠷᠢᠬᠢ ᠪᠠᠨ ᠰᠢᠪᠬᠠᠨ ᠠᠷᠭ᠎ᠠ ᠤᠬᠠᠭᠠᠨ ᠰᠤᠪᠢᠵᠤ ᠯᠡ ᠪᠠᠶᠢᠯ᠎ᠠ᠃ ᠢᠩᠬᠢᠭᠡᠳ 1998 ᠤᠨ ᠳᠤ ᠰᠦᠨᠢᠳ ᠪᠠᠷᠠᠭᠤᠨ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠨᠢ ︽ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠪᠠᠶᠢᠭᠤᠯᠤᠯᠳᠠ ᠪᠡ ᠬᠦᠭᠵᠢᠯᠳᠡ ᠶᠢ ᠪᠠᠳᠤᠯᠠᠬᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠲᠤᠬᠠᠢ ᠮᠡᠳᠡᠭᠳᠡᠯ︾ ᠪᠠᠭᠤᠯᠭᠠᠵᠤ᠂ ᠤᠯᠠᠭᠠᠨᠮᠦ᠋ᠴᠢᠷ ᠤᠨ ᠤᠷᠤᠰᠢᠯ ᠲᠤᠭᠳᠠᠨᠢᠯ ᠪᠡ ᠬᠦᠭᠵᠢᠯᠳᠡ ᠶᠢ ᠪᠠᠳᠤᠯᠠᠬᠤ ᠭᠡᠳᠤᠨ ᠵᠤᠷᠪᠤᠰ ᠬᠠᠷᠠᠭᠠᠯᠵᠠᠯᠠᠯ ᠤᠨ ᠲᠦᠷᠦ ᠶᠢᠨ ᠪᠤᠳᠤᠯᠭ᠎ᠠ ᠲᠤᠭᠳᠠᠭᠠᠵᠠᠢ᠃ ᠢᠩᠬᠢᠭᠡᠳ ᠤᠯᠠᠭᠠᠨᠮᠦ᠋ᠴᠢᠷ ᠨᠢ ᠲᠤᠭᠯᠠᠭᠴᠢ ᠪᠠᠨ ᠰᠡᠯᠪᠢᠨ ᠡᠯᠰᠡᠵᠤ᠂ ᠲᠤᠰᠬᠠᠢ ᠮᠡᠷᠭᠡᠵᠢᠯ ᠤᠨ ᠪᠤᠯᠪᠠᠰᠤᠷᠠᠯ ᠢ ᠴᠢᠩᠭᠠᠳᠬᠠᠨ᠂ ᠵᠤᠬᠢᠶᠠᠨ ᠪᠦᠳᠤᠭᠡᠯᠭᠡ ᠶᠢ ᠵᠤᠷᠢᠬᠵᠢᠭᠤᠯᠤᠭᠰᠠᠨ ᠠᠴᠠ ᠤᠯᠠᠭᠠᠨᠮᠦ᠋ᠴᠢᠷ ᠨᠢ ᠠᠮᠢᠯᠠᠯ ᠢᠶᠠᠨ ᠤᠯᠵᠤ᠂ ᠨᠡᠩ ᠤᠯᠠᠨ ᠵᠠᠯᠠᠭᠤ ᠤᠷᠠᠯᠢᠬᠴᠢᠳ ᠴᠤᠯᠭᠤᠷᠠᠨ᠂ ᠰᠢᠨ᠎ᠡ ᠰᠤᠳᠤᠨ ᠤᠷᠠᠯᠢᠭ ᠤᠨ ᠪᠦᠳᠦᠭᠡᠯ ᠵᠤᠬᠢᠶᠠᠭᠳᠠᠵᠤ᠂ ᠮᠠᠯᠴᠢᠨ ᠠᠶᠢᠯ ᠤᠨ ᠭᠠᠳᠠᠨ᠎ᠠ ᠠᠴᠠ ᠡᠬᠢᠯᠡᠨ ᠶᠡᠭᠡ ᠬᠤᠳᠠ ᠶᠢᠨ ᠤᠷᠠᠯᠢᠭ ᠤᠨ ᠲᠠᠶᠢᠰᠠ ᠬᠦᠷᠳᠡᠯ᠎ᠠ ᠤᠷᠠᠨ ᠪᠦᠵᠢᠭ ᠤᠶᠠᠩᠭ᠎ᠠ ᠲᠠᠭᠤᠤ ᠪᠠᠨ ᠴᠤᠤᠷᠢᠶᠠᠳᠤᠭᠤᠯᠵᠤ ᠡᠬᠢᠯᠡᠭᠰᠡᠨ ᠪᠠᠶᠢᠨ᠎ᠠ᠃ ᠨᠡᠩ ᠴᠦ 2006 ᠤᠨ ᠳᠤ ᠬᠤᠰᠢᠭᠤ ᠵᠠᠰᠠᠭ ᠠᠴᠠ ᠤᠯᠠᠭᠠᠨᠮᠦ᠋ᠴᠢᠷ ᠤᠨ ᠲᠤᠭᠯᠠᠭᠴᠢᠳ ᠤᠨ 70% ᠶᠢᠨ ᠵᠦᠷᠢᠶᠡᠳᠤ ᠴᠠᠯᠢᠩ ᠤᠨ ᠲᠦᠷᠢᠮ ᠢ ᠦᠭᠡᠷᠡᠴᠢᠯᠡᠵᠤ᠂ ᠪᠦᠬᠦ ᠴᠡᠯᠢᠩ ᠤᠯᠭᠤᠮᠵᠢ ᠶᠢ ᠬᠤᠰᠢᠭᠤ ᠡᠳ᠋ ᠤᠨ ᠵᠠᠰᠠᠭ ᠠᠴᠠ ᠡᠬᠦᠷᠭᠡᠯᠡᠬᠦ ᠪᠤᠯᠤᠭᠰᠠᠨ ᠠᠴᠠ ᠲᠤᠭᠯᠠᠭᠴᠢᠳ ᠤᠨ ᠡᠩᠨᠡᠭᠡ ᠲᠤᠭᠳᠠᠪᠤᠷᠢᠳᠠᠢ ᠪᠤᠯᠵᠤ᠂ ᠴᠢᠳᠠᠪᠤᠷᠢᠳᠠᠨ ᠢ ᠦᠯᠡᠳᠡᠭᠡᠨ ᠭᠡᠷᠡᠭᠯᠡᠬᠦ ᠳᠤ ᠠᠰᠢᠭᠳᠠᠢ ᠪᠤᠯᠤᠭᠰᠠᠨ ᠪᠠᠶᠢᠨ᠎ᠠ᠃ ᠠᠯᠪᠠᠯᠠᠬᠤ ᠂ ᠪᠤᠯᠪᠠᠰᠤᠷᠠᠬᠤ ᠨᠦᠬᠦᠴᠡᠯ ᠴᠦ ᠤᠷᠢᠳ ᠪᠠᠶᠢᠭ᠎ᠠ ᠦᠭᠡᠢ ᠪᠠᠷ ᠰᠠᠶᠢᠵᠢᠷᠠᠵᠤ᠂ ᠤᠯᠤᠰ ᠤᠷᠤᠨ ᠠᠶᠢᠮᠠᠭ ᠤᠨ ᠲᠦᠷᠦᠯ ᠵᠦᠢᠯ ᠤᠨ ᠪᠡᠯᠡ ᠮᠦᠩᠬᠦᠨ ᠤ ᠤᠷᠤᠭᠤᠯᠤᠯᠳᠠ ᠪᠠᠷ 5000 ᠲᠡᠭᠰᠢ ᠲᠦᠷᠪᠡᠯᠵᠢᠨ ᠮᠧᠲᠷ ᠪᠦᠬᠦᠢ ᠤᠯᠠᠭᠠᠨᠮᠦ᠋ᠴᠢᠷ ᠤᠨ ᠲᠤᠰᠬᠠᠢ ᠠᠰᠠᠷ ᠲᠠᠢ ᠪᠤᠯᠤᠭᠰᠠᠨ ᠪᠠᠶᠢᠨ᠎ᠠ᠃ ᠰᠢᠨ᠎ᠡ ᠴᠠᠭ ᠡᠷᠡᠨ ᠤ ᠤᠯᠠᠭᠠᠨᠮᠦ᠋ᠴᠢᠷ ᠤᠨ ᠵᠠᠯᠠᠭᠤᠬᠠᠨ ᠲᠠᠷᠤᠭ᠎ᠠ ᠮᠦᠩᠭᠡ ᠬᠤᠰᠢᠭᠤᠨ ᠤ ᠪᠠᠨ ᠨᠠᠮ ᠵᠠᠰᠠᠭ ᠤᠨ ᠬᠦᠴᠦᠳᠡᠢ ᠲᠡᠮᠵᠢᠯᠭᠡ ᠪᠠᠷ ᠵᠤᠷᠢᠭᠳᠠᠢ ᠡᠷᠢᠯᠬᠢᠯᠳᠡ᠂ ᠰᠢᠨ᠎ᠡ ᠰᠦᠪᠡᠭᠴᠢᠯᠡᠯᠳᠡ ᠬᠢᠭᠰᠡᠭᠡᠷ ᠪᠤᠢ᠃ ᠨᠢᠳᠤᠨ ᠬᠠᠷᠠᠭ᠎ᠠ ᠪᠠᠨ ᠲᠡᠯᠡᠵᠤ᠂ ᠰᠤᠶᠤᠯ ᠤᠨ ᠰᠤᠯᠢᠯᠴᠠᠭ᠎ᠠ ᠪᠠᠨ ᠦᠷᠭᠡᠳᠭᠡᠬᠦ ᠵᠤᠷᠢᠯᠭ᠎ᠠ ᠪᠠᠷ 2008 ᠤᠨ ᠳᠤ ᠴᠢᠩᠬᠤᠸᠠ ᠶᠡᠭᠡ ᠰᠤᠷᠭᠠᠭᠤᠯᠢ᠂ ᠲᠦᠪ ᠤᠨ ᠦᠨᠳᠦᠰᠦᠳᠡᠨ ᠤ ᠶᠡᠭᠡ ᠰᠤᠷᠭᠠᠭᠤᠯᠢ ᠶᠢᠨ ᠪᠦᠵᠢᠭ ᠤᠨ ᠲᠡᠭᠡᠳᠤ ᠰᠤᠷᠭᠠᠭᠤᠯᠢ ᠵᠡᠷᠭᠡ ᠶᠡᠭᠡ ᠲᠡᠭᠡᠳᠤ ᠰᠤᠷᠭᠠᠭᠤᠯᠢ ᠨᠤᠭᠤᠳ ᠲᠠᠢ ᠰᠤᠶᠤᠯ ᠤᠨ ᠰᠤᠯᠢᠯᠴᠠᠭ᠎ᠠ ᠬᠢᠵᠤ᠂ 2012 ᠤᠨ ᠳᠤ ᠠᠮᠧᠷᠢᠺᠠ ᠶᠢᠨ ᠯᠠᠤᠰ ᠠᠩᠵᠧᠯᠧᠰ᠂ ᠯᠠᠰ ᠸᠧᠭᠠᠰ᠂ ᠰᠠᠨ ᠹᠷᠠᠨᠰᠢᠰᠺᠤ ᠵᠡᠷᠭᠡ ᠬᠤᠳᠠ ᠳᠤ ᠬᠦᠷᠴᠦ ᠲᠤᠭᠯᠠᠭᠠᠳ ᠤᠯᠠᠭᠠᠨᠮᠦ᠋ᠴᠢᠷ ᠢᠶᠠᠨ ᠭᠠᠳᠠᠭᠰᠢ ᠨᠡᠩ ᠤᠯᠠᠨ ᠬᠡᠪᠴᠢᠶᠡᠨ ᠳᠤ ᠲᠠᠨᠢᠭᠤᠯᠤᠨ ᠤᠬᠠᠭᠤᠯᠤᠭᠰᠠᠨ ᠪᠦᠭᠡᠳ ᠲᠡᠯᠡᠭᠡᠢ ᠶᠢᠨ ᠲᠡᠷᠢᠬᠦᠨ ᠰᠤᠶᠤᠯ ᠤᠷᠠᠯᠢᠭ ᠢ ᠤᠶᠢᠯᠠᠭᠠᠭᠰᠠᠨ ᠪᠠᠶᠢᠨ᠎ᠠ᠃        ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠨᠢ 1984 ᠤᠨ ᠳᠤ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 35 ᠵᠢᠯ ᠤᠨ ᠤᠢ ᠶᠢ ᠲᠤᠷᠠᠰᠬᠠᠬᠤ ᠠᠵᠢᠯᠯᠠᠭ᠎ᠠ ᠳᠤ ᠤᠷᠤᠯᠴᠠᠵᠤ᠂ ᠡᠯ᠎ᠡ ᠴᠠᠭ ᠦᠶ᠎ᠡ ᠶᠢᠨ ᠨᠠᠮ ᠲᠦᠷᠦ ᠶᠢᠨ ᠤᠳᠤᠷᠢᠳᠤᠭᠴᠢᠳ ᠪᠡ ᠦᠪᠡᠷᠳᠡᠭᠡᠨ ᠵᠠᠰᠠᠬᠤ ᠤᠷᠤᠨ ᠤ ᠭᠤᠤᠯ ᠤᠳᠤᠷᠢᠳᠤᠯᠭ᠎ᠠ ᠨᠠᠷ ᠤᠨ ᠬᠠᠶᠢᠷ᠎ᠠ ᠬᠠᠯᠠᠮᠵᠢ ᠶᠢ ᠬᠦᠷᠳᠡᠵᠤ᠂ ᠪᠦᠬᠦ ᠤᠷᠤᠨ ᠤ ︽ᠠᠷᠪᠠᠨ ᠰᠤᠳᠤᠨ ᠤᠯᠠᠭᠠᠨᠮᠦ᠋ᠴᠢᠷ︾ ᠤᠨ ᠨᠢᠭᠡᠨ᠂ ᠪᠦᠬᠦ ᠤᠷᠤᠨ ᠤ ᠨᠢᠭᠡᠳᠦᠭᠡᠷ ᠲᠦᠷᠦᠯ ᠤᠨ ᠤᠯᠠᠭᠠᠨᠮᠦ᠋ᠴᠢᠷ᠂ ᠪᠦᠬᠦ ᠤᠷᠤᠨ ᠤ ᠰᠢᠯᠢᠳᠡᠭ ᠤᠯᠠᠭᠠᠨᠮᠦ᠋ᠴᠢᠷ ᠵᠡᠷᠭᠡ ᠠᠯᠢ ᠤᠯᠠᠨ ᠢᠷᠡᠭᠤ ᠠᠯᠳᠠᠷ ᠢᠶᠠᠷ ᠮᠢᠯᠢᠶᠠᠯᠭᠠᠵᠤ᠂ ᠲᠤᠭᠯᠠᠭᠴᠢᠳ ᠤᠨ ᠬᠢᠨᠢ ᠵᠤᠬᠢᠶᠠᠨ ᠪᠦᠳᠦᠭᠡᠭᠰᠡᠨ ᠤᠷᠠᠨ ᠪᠦᠳᠦᠭᠡᠯ᠂ ᠲᠤᠭᠯᠠᠭᠰᠠᠨ ᠤᠷᠠᠨ ᠰᠠᠶᠢᠬᠠᠨ ᠤ ᠦᠵᠡᠬᠦᠯᠦᠯᠭᠡ ᠨᠢ ᠡᠶᠢᠮᠦ ᠲᠡᠶᠢᠮᠦ ᠱᠠᠩᠨᠠᠯ ᠬᠦᠬᠢᠬᠦᠯᠦᠯ ᠢᠶᠠᠷ ᠱᠠᠩᠨᠠᠭᠤᠯᠵᠤ᠂ ᠰᠦᠨᠢᠳ ᠨᠤᠳᠤᠭ ᠮᠢᠨᠢ ︽ᠤᠤᠭᠠᠨ ᠤᠯᠠᠭᠠᠨᠮᠦ᠋ᠴᠢᠷ ᠤᠨ ᠦᠯᠦᠭᠡᠢ︾ ᠢᠶᠠᠷ ᠨᠡᠷᠡᠯᠡᠭᠳᠡᠨ᠂ ︽ᠤᠯᠠᠭᠠᠨᠮᠦ᠋ᠴᠢᠷ︾ ᠭᠡᠳᠡᠭ ᠨᠢ ᠨᠢᠭᠡ ᠵᠦᠢᠯ ᠤᠨ ᠰᠤᠶᠤᠯ ᠤᠨ ᠲᠦᠷᠦᠯ ᠲᠡᠮᠳᠡᠭ ᠪᠤᠯᠤᠭᠰᠠᠨ ᠨᠢ ᠤᠯᠠᠭᠠᠨᠮᠦ᠋ᠴᠢᠷ ᠤᠨ ᠲᠠᠪᠢᠭᠠᠳ ᠵᠢᠯ ᠤᠨ ᠤᠷᠠᠯᠢᠭ ᠤᠨ ᠵᠠᠮ ᠮᠦᠷ ᠤᠨ ᠬᠢᠨᠢ ᠦᠨᠳᠦᠷ ᠦᠨᠡᠯᠡᠯᠳᠡ ᠪᠤᠯᠬᠤ ᠶᠤᠮ᠃ ᠭᠡᠬᠦ ᠳᠡᠭᠡᠨ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠲᠠᠪᠢᠭᠠᠳ ᠵᠢᠯ ᠤᠨ ᠤᠷᠳᠤ ᠠᠶᠠᠨ ᠤ ᠲᠤᠷᠰᠢ ᠮᠠᠯᠴᠢᠨ ᠠᠷᠠᠳ ᠤᠨ ᠢᠶᠠᠨ ᠰᠡᠳᠬᠢᠯ ᠳᠤ ᠲᠠᠭᠠᠯᠠᠭᠳᠠᠭᠰᠠᠨ ᠤᠷᠠᠨ ᠰᠠᠶᠢᠬᠠᠨ ᠤ ᠲᠤᠭᠯᠠᠯᠳᠠ ᠪᠠᠨ ᠨᠢᠯᠬ᠎ᠠ ᠲᠦᠯ ᠤᠨ ᠮᠠᠶᠢᠯᠠᠭᠠᠨ ᠲᠠᠢ ᠮᠤᠩᠭᠤᠯ ᠭᠡᠷ ᠤᠨ ᠡᠬᠦᠳᠡᠨ ᠳᠤ᠂ ᠠᠬᠢ ᠲᠠᠭᠠᠨ᠎ᠠ ᠶᠢᠨ ᠦᠨᠦᠷ ᠲᠠᠢ ᠰᠢᠷᠭᠠᠯ ᠬᠠᠳᠤᠯᠠᠩ ᠤᠨ ᠲᠠᠯᠠᠪᠠᠢ᠂ ᠡᠷ᠎ᠡ ᠵᠤᠷᠢᠭ ᠤᠨ ᠰᠤᠷᠢᠭᠠᠨ ᠲᠠᠢ ᠨᠠᠭᠠᠳᠤᠮ ᠤᠨ ᠠᠭᠤᠳᠠᠮ ᠲᠠᠯᠠᠪᠠᠢ ᠳᠤ ᠲᠤᠭᠯᠠᠵᠤ ᠢᠷᠡᠭᠰᠡᠨ ᠤᠯᠡ ᠮᠦᠷ ᠨᠢ ᠠᠯᠳᠠᠷ ᠵᠢᠳᠬᠦᠯ ᠤᠨ ᠬᠢᠨᠢ ᠲᠡᠤᠭᠡᠨ ᠦᠨᠡᠨ ᠲᠡᠮᠳᠡᠭᠯᠡᠯ ᠪᠠᠶᠢᠬᠤ ᠶᠤᠰᠤᠳᠠᠢ᠃ ᠠᠷᠠᠳ ᠲᠦᠮᠡᠨ ᠤ ᠬᠢᠨᠢ ︽ᠮᠠᠨ ᠤ ᠤᠯᠠᠭᠠᠨᠮᠦ᠋ᠴᠢᠷ︾ ᠭᠡᠰᠡᠨ ᠨᠢᠭᠡᠯᠡ ᠦᠭᠡ ᠰᠡᠳᠬᠢᠯ ᠠᠴᠠ ᠬᠠᠮᠤᠭ ᠤᠶᠢᠷ᠎ᠠ᠂ ᠬᠠᠮᠤᠭ ᠦᠨᠡᠨ᠂ ᠬᠠᠮᠤᠭ ᠬᠠᠯᠠᠭᠤᠬᠠᠨ ᠦᠨᠡᠯᠡᠯᠳᠡ ᠪᠠᠶᠢᠬᠤ ᠶᠤᠰᠤᠳᠠᠢ︕ ᠡᠶᠢᠮᠦ ᠪᠤᠯᠬᠤᠷ ᠢᠶᠠᠨ ᠡᠳᠦᠷ ᠢᠷᠡᠬᠦᠶ᠎ᠡ ᠦᠩᠭᠡ ᠡᠯᠪᠡᠭᠵᠢᠨ ᠰᠤᠯᠤᠩᠭᠠᠷᠠᠵᠤ ᠪᠠᠶᠢᠭ᠎ᠠ ᠲᠤᠮᠳᠠᠳᠤ ᠶᠢᠨ ᠤᠷᠠᠯᠢᠭ ᠤᠨ ᠲᠦᠮᠡᠨ ᠴᠡᠴᠡᠭ ᠤᠨ ᠬᠦᠷᠢᠶᠡᠯᠡᠩ ᠳᠤ ᠤᠯᠠᠭᠠᠨᠮᠦ᠋ᠴᠢᠷ ᠮᠠᠨᠢ ᠬᠦᠳᠡᠭᠡ ᠶᠢᠨ ᠴᠡᠪᠡᠷ ᠠᠮᠢᠰᠬᠤᠯ᠂ ᠭᠡᠭᠡᠷ᠎ᠡ ᠶᠢᠨ ᠴᠡᠴᠡᠭᠡᠰ ᠤᠨ ᠰᠤᠳᠤᠨ ᠰᠠᠶᠢᠬᠠᠨ ᠦᠨᠦᠷ ᠲᠠᠢ ᠦᠪᠡᠷᠮᠢᠴᠡ ᠭᠤᠴᠦ ᠤᠨᠴᠠᠯᠢᠭ ᠢᠶᠠᠷ ᠢᠶᠠᠨ ︽ᠦᠨᠳᠦᠰᠦᠳᠡᠨ ᠤ ᠬᠢ ᠪᠤᠯᠬᠤ ᠲᠤᠳᠤᠮ ᠢᠶᠠᠨ ᠲᠡᠯᠡᠭᠡᠢ ᠶᠢᠨ ᠬᠢ ᠪᠤᠯᠵᠤ︾᠂ ᠦᠪᠡᠷ ᠤᠨ ᠭᠡᠰᠡᠨ ᠤᠷᠤᠨ ᠵᠠᠢ ᠪᠠᠨ ᠡᠵᠡᠯᠡᠬᠦ ᠨᠢ ᠯᠠᠪᠳᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号