ᠮᠠᠯ ᠤᠨ ᠬᠠᠰᠢᠶ᠎ᠠ ᠰᠠᠷᠠᠪᠴᠢ ᠶᠢᠨ ᠡᠷᠡᠬᠦᠯ ᠬᠠᠮᠠᠭᠠᠯᠠᠯ ᠢ ᠠᠩᠬᠠᠷᠤᠭᠠᠷᠠᠢ
ᠨᠡᠶᠢᠲᠡᠯᠡᠭᠰᠡᠨ ᠴᠠᠭ᠄
2017/6/30
       ᠤᠷᠤᠨ ᠨᠤᠳᠤᠭ ᠤᠨ ᠠᠮᠢᠳᠦᠷᠠᠯ ᠤᠨ ᠵᠠᠩ ᠲᠠᠳᠬᠠᠯ ᠪᠤᠯᠤᠨ ᠮᠠᠯ ᠤᠨᠤᠭ᠎ᠠ ᠲᠡᠵᠢᠭᠡᠵᠥ ᠠᠷᠠᠴᠢᠯᠠᠬᠤ ᠠᠷᠭ᠎ᠠ ᠪᠠᠷᠢᠯ ᠨᠢ ᠴᠦ ᠠᠳᠠᠯᠢ ᠦᠭᠡᠢ ᠪᠤᠯᠬᠤᠷ ᠮᠠᠯ ᠤᠨᠤᠭ᠎ᠠ ᠶᠢᠨ ᠬᠠᠰᠢᠶ᠎ᠠ ᠰᠠᠷᠠᠪᠴᠢ ᠶᠢ ᠪᠠᠷᠢᠵᠦ ᠪᠠᠶᠢᠷᠢᠰᠢᠭᠤᠯᠬᠤ ᠨᠢ ᠴᠤ ᠶᠠᠩᠵᠦ ᠪᠦᠷᠢ ᠶᠢᠨ ᠪᠠᠶᠢᠳᠠᠭ᠃ ᠮᠠᠯ ᠤᠨ ᠬᠠᠰᠢᠶ᠎ᠠ ᠰᠠᠷᠠᠪᠴᠢ ᠶᠢᠨ ᠡᠷᠡᠬᠦᠯ ᠬᠠᠮᠠᠭᠠᠯᠠᠯ ᠨᠢ ᠮᠠᠯ ᠤᠨ ᠬᠡᠮ ᠬᠢᠵᠢᠭ ᠲᠤᠰᠬᠤ᠂ ᠴᠢᠨᠠᠭᠰᠢᠯᠠᠨ ᠦᠨᠢᠷ ᠦᠰᠦᠯᠳᠡ ᠲᠠᠢ ᠰᠢᠭᠤᠳ ᠬᠤᠯᠪᠤᠭᠳᠠᠬᠤ ᠲᠤᠯᠠ ᠴᠢᠬᠤᠯᠠᠴᠢᠯᠠᠵᠤ ᠦᠵᠡᠬᠦ ᠬᠡᠷᠡᠭᠳᠡᠢ ᠶᠤᠮ᠃        ᠡ᠊ᠩ ᠤᠨ ᠪᠠᠶᠢᠳᠠᠯ ᠲᠤᠤᠷ᠎ᠠ ᠲᠤᠤᠷᠠᠬᠢ ᠬᠡᠳᠦᠨ ᠲᠠᠯ᠎ᠠ ᠪᠠᠷ ᠠᠩᠬᠠᠷᠪᠠᠯ ᠵᠤᠬᠢᠨ᠎ᠠ᠃        ᠨᠢᠭᠡ᠂ ᠮᠠᠯ ᠤᠨ ᠬᠠᠰᠢᠶ᠎ᠠ ᠰᠠᠷᠠᠪᠴᠢ ᠪᠠᠶᠢᠭᠤᠯᠬᠤ ᠳᠤ ᠲᠡᠵᠢᠭᠡᠵᠥ ᠠᠷᠠᠴᠢᠯᠠᠬᠤ ᠳᠤ ᠳᠦᠭᠦᠮ ᠪᠦᠭᠡᠳ‌ᠠᠷᠢᠭᠤᠳᠬᠠᠵᠦ ᠴᠡᠪᠡᠷᠯᠡᠬᠦ ᠪᠠ ᠡᠵᠡᠩᠨᠡᠵᠦ ᠬᠠᠮᠢᠶᠠᠷᠬᠤ ᠳᠤ ᠠᠮᠠᠷᠬᠠᠨ ᠪᠠᠶᠢᠯᠭᠠᠬᠤ ᠬᠡᠷᠡᠭᠲᠡᠢ᠃        ᠬᠤᠶᠠᠷ᠂ ᠮᠠᠯ ᠤᠨᠤᠭ᠎ᠠ ᠶᠢᠨ ᠬᠠᠰᠢᠶ᠎ᠠ ᠰᠠᠷᠠᠪᠴᠢ ᠪᠠᠨ ᠦᠨᠳᠦᠷ᠂ ᠰᠠᠯᠬᠢ ᠨᠡᠪᠲᠡᠷᠠᠬᠦ ᠳᠤ ᠰᠠᠶᠢᠨ᠂ ᠨᠠᠷᠠᠨ ᠤ ᠭᠡᠷᠡᠯ  ᠭᠦᠢᠴᠡᠳ ᠬᠠᠩᠭᠠᠮᠵᠢᠲᠠᠢ ᠭᠠᠵᠠᠷ᠂ ᠰᠠᠭᠤᠬᠤ ᠬᠡᠷ ᠠᠴᠠ ᠠᠳᠠᠭ ᠲᠤ ᠪᠠᠨ 30  ᠮᠧᠲᠷ ᠠᠴᠠ ᠵᠠᠶᠢᠳᠠᠢ ᠪᠠᠶᠢᠷᠢᠯᠠᠭᠤᠯᠪᠠᠯ  ᠰᠠᠶᠢᠨ᠃        ᠭᠤᠷᠪᠠ᠂ ᠬᠠᠰᠢᠶ᠎ᠠ ᠰᠠᠷᠠᠪᠴᠢ ᠪᠠᠨ ᠪᠤᠷᠦᠭᠠᠨ ᠳᠤ ᠭᠤᠭᠤᠵᠢᠬᠤ ᠦᠭᠡᠢ᠂ ᠴᠠᠰᠦ ᠬᠤᠷᠠᠬᠤ ᠦᠭᠡᠢ ᠪᠠᠶᠢᠯᠭᠠᠵᠦ᠂  ᠦᠷᠭᠦᠯᠵᠢ ᠬᠠᠭᠤᠷᠠᠢ ᠪᠦᠭᠡᠳ ᠴᠡᠪᠡᠷᠬᠡᠨ ᠪᠠᠶᠢᠯᠭᠠᠬᠤ ᠬᠡᠷᠡᠭᠲᠡᠢ᠃ ᠲᠦᠷᠪᠠ᠂ ᠡᠪᠡᠰᠦ ᠪᠤᠷᠳᠤᠭ᠎ᠠ ᠪᠤᠯᠪᠠᠰᠤᠷᠠᠭᠤᠯᠬᠤ᠂ ᠬᠠᠳᠠᠭᠠᠯᠠᠵᠦ ᠬᠤᠷᠢᠶᠠᠬᠤ ᠭᠠᠵᠠᠷ ᠤᠨ ᠠᠷᠢᠭᠤᠨ ᠴᠡᠪᠡᠷ  ᠪᠠᠶᠢᠬᠤ ᠶᠢ ᠪᠠᠲᠤᠯᠠᠬᠤ ᠬᠡᠷᠡᠭᠳᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号