ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠪᠤᠯ ᠲᠤᠮᠳᠠᠳᠤ ᠤᠯᠤᠰ ᠤᠨ ᠤᠤᠭᠠᠨ ᠤᠯᠠᠭᠠᠨᠮᠦ᠋ᠴᠢᠷ | ᠪᠠᠶᠢᠵᠦ᠂ 1957 ᠤᠨ ᠤ 6 ᠰᠠᠷ᠎ᠠ ᠶᠢᠨ 17 ᠤ ᠡᠳᠤᠷ ᠪᠠᠶᠢᠭᠤᠯᠤᠭᠳᠠᠵᠦ᠂ ᠠᠩᠬ᠎ᠠ ᠡᠬᠢᠨ ᠳᠡᠭᠡᠨ 9 ᠲᠤᠰᠬᠠᠢ | ᠮᠡᠷᠭᠡᠵᠢᠯ ᠤᠨ ᠲᠤᠭᠯᠠᠭᠴᠢ ᠲᠠᠢ ᠪᠠᠶᠢᠭᠰᠠᠨ ᠠᠴᠠ ᠪᠠᠨ ᠤᠳᠤ ᠪᠤᠯᠬᠤ ᠳᠤ 47 ᠲᠤᠭᠯᠠᠭᠴᠢ ᠲᠠᠢ ᠪᠤᠯᠤᠭᠰᠠᠨ | ᠪᠠᠶᠢᠨ᠎ᠡ᠂ ᠡᠬᠦᠨ ᠳᠤ 20 ᠪᠦᠵᠢᠭᠴᠢᠨ᠂ 7 ᠲᠠᠭᠤᠴᠢᠨ᠂ 17 ᠬᠦᠭᠵᠢᠮᠴᠢᠨ ᠪᠤᠢ᠃ ᠤᠯᠤᠰ ᠤᠨ ᠲᠠᠰ ᠤᠨ 3 | ᠲᠤᠭᠯᠠᠭᠴᠢ ᠪᠠᠶᠢᠨ᠎ᠡ᠃ ᠪᠦᠬᠦ ᠬᠤᠰᠢᠭᠤᠨ ᠤ ᠡᠯ᠎ᠡ ᠰᠤᠮᠤ ᠪᠠᠯᠭᠠᠰᠤᠨ ᠳᠤ ᠠᠵᠢᠯ ᠤᠨ ᠴᠢᠯᠦᠬᠡᠨ ᠤ | ᠤᠯᠠᠭᠠᠨᠮᠦ᠋ᠴᠢᠷ ᠪᠠᠶᠢᠭᠤᠯᠤᠭᠳᠠᠵᠦ᠂ ᠠᠵᠢᠯ ᠤᠨ ᠴᠢᠯᠦᠬᠡᠨ ᠤ ᠤᠯᠠᠭᠠᠨᠮᠦ᠋ᠴᠢᠷ ᠤᠨ ᠡᠩᠨᠡᠭᠡ ᠳᠤ ᠨᠡᠶᠢᠳᠡ 120 | ᠬᠦᠮᠦᠨ ᠲᠠᠢ᠃ ︽ᠲᠡᠯ᠎ᠡ ᠨᠤᠳᠤᠭ ᠤᠨ ᠬᠦᠩᠭᠡᠨ ᠮᠤᠷᠢᠳᠤ ᠴᠡᠷᠢᠭ︾ ᠬᠡᠮᠡᠨ ᠠᠯᠳᠠᠷᠰᠢᠭᠰᠠᠨ ᠤᠯᠠᠭᠠᠨᠮᠦ᠋ᠴᠢᠷ ᠨᠢ | ︽ᠠᠷᠠᠳ ᠲᠦᠮᠡᠨ ᠳᠤ ᠦᠢᠯᠡᠴᠢᠯᠠᠬᠦ ᠪᠠ ᠨᠡᠶᠢᠬᠡᠮ ᠵᠢᠷᠤᠮ ᠳᠤ ᠦᠢᠯᠡᠴᠢᠯᠠᠬᠦ︾ ᠴᠢᠭᠯᠡᠯᠳᠡ ᠪᠠ ︽ᠴᠡᠴᠡᠭ ᠪᠦᠬᠦᠨ | ᠢ ᠵᠡᠷᠭᠡᠪᠡᠷ ᠲᠡᠯᠬᠡᠷᠡᠬᠦᠯᠵᠦ᠂ ᠡᠷᠳᠡᠮᠳᠡᠨ ᠪᠦᠬᠦᠨ ᠢ ᠴᠢᠯᠦᠬᠡᠳᠡᠢ ᠶᠡᠷᠢᠯᠴᠠᠭᠤᠯᠬᠤ︾ ᠴᠢᠭᠯᠡᠯᠳᠠ ᠶᠢ ᠢᠮᠠᠭᠳᠠ | ᠪᠠᠷᠢᠮᠳᠠᠯᠠᠵᠦ᠂ ᠲᠤᠭᠯᠠᠬᠤ᠂ ᠤᠬᠠᠭᠤᠯᠭ᠎ᠠ ᠬᠢᠬᠦ᠂ ᠬᠠᠪᠰᠤᠷᠤᠨ ᠵᠢᠯᠤᠭᠤᠳᠬᠤ ᠪᠠ ᠪᠦᠬᠦ ᠰᠡᠳᠬᠢᠯ ᠪᠦᠬᠦ ᠵᠤᠷᠢᠭ | ᠢᠶᠠᠷ ᠢᠶᠠᠨ ᠠᠷᠠᠳ ᠲᠦᠮᠡᠨ ᠳᠤ ᠦᠢᠯᠡᠴᠢᠯᠠᠬᠦ ᠵᠡᠷᠭᠡ ᠶᠢ ᠬᠠᠪᠰᠤᠷᠭᠠᠵᠦ᠂ ᠭᠡᠰᠢᠬᠦᠳ ᠨᠢ ᠨᠢᠬᠡ ᠳᠤ ᠴᠠᠭᠠᠷᠠᠵᠦ | ᠤᠯᠠᠨ ᠳᠤ ᠮᠡᠷᠭᠡᠰᠢᠭᠰᠡᠨ᠂ ᠲᠤᠭᠯᠠᠯᠳᠠ ᠨᠢ ᠤᠯᠠᠨ ᠶᠠᠩᠵᠦ ᠠᠪᠰᠠᠷ ᠪᠠᠶᠢᠳᠠᠭ ᠵᠡᠷᠭᠡ ᠤᠨᠴᠠᠯᠢᠭ ᠲᠠᠢ ᠪᠠᠶᠢᠵᠦ᠂ | ᠪᠤᠳᠠᠳᠤ ᠪᠠᠶᠢᠳᠠᠯ᠂ ᠠᠮᠢᠳᠤᠷᠠᠯ᠂ ᠤᠯᠠᠨ ᠲᠦᠮᠡᠨ ᠲᠠᠢ ᠦᠢᠷᠡᠳᠤᠨ᠂ ᠦᠨᠳᠤᠰᠤᠨ ᠱᠠᠳᠤᠨ ᠳᠤ ᠰᠠᠭᠤᠷᠢᠯᠠᠨ᠂ | ᠦᠨᠳᠤᠰᠤᠳᠠᠨ ᠤ ᠤᠨᠴᠠᠯᠢᠭᠳᠤ᠂ ᠤᠷᠤᠨ ᠨᠤᠳᠤᠭ ᠤᠨ ᠭᠡᠪ ᠨᠡᠮᠪᠠᠭᠠ ᠪᠦᠬᠦᠢ ᠰᠢᠯᠢᠳᠡᠭ ᠲᠤᠭᠯᠠᠯᠳᠠ ᠶᠢ ᠵᠤᠬᠢᠶᠠᠨ | ᠪᠦᠳᠤᠭᠡᠵᠦ᠂ ᠵᠢᠯ ᠳᠤ ᠲᠡᠭᠰᠢᠳᠭᠡᠭᠡᠳ 2 ᠲᠦᠮᠡ ᠭᠠᠷᠤᠢ ᠺᠢᠯᠦᠮᠧᠲᠷ ᠠᠶᠠᠯᠠᠵᠦ᠂ ᠮᠠᠯᠴᠢᠨ ᠲᠠᠷᠢᠶᠠᠴᠢᠳ ᠲᠤ | 100 ᠭᠠᠷᠤᠢ ᠤᠳᠠᠭᠠᠨ ᠤ ᠲᠤᠭᠯᠠᠯᠳᠠ ᠭᠠᠷᠭᠠᠵᠦ᠂ ᠦᠨᠳᠤᠰᠤᠳᠠᠨ ᠨᠦᠭᠦᠳ ᠤᠨ ᠤᠯᠠᠨ ᠲᠦᠮᠡᠨ ᠤ ᠬᠦᠷᠢᠶᠠᠯᠠᠯ | ᠢ ᠤᠯᠪᠠ᠃ ᠦᠨᠳᠤᠰᠤᠨ ᠱᠠᠳᠤᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠬᠤ᠂ ᠦᠨᠳᠤᠰᠤᠳᠠᠨ ᠤ ᠰᠤᠶᠤᠯ ᠢ | ᠤᠯᠠᠮᠵᠢᠯᠠᠬᠤ᠂ ᠭᠤᠤᠯ ᠬᠦᠭ ᠠᠶᠠᠰ ᠢ ᠴᠢᠪᠬᠠᠳᠠᠬᠤ᠂ ᠤᠷᠤᠨ ᠨᠤᠳᠤᠭ ᠤᠨ ᠠᠵᠦ ᠠᠬᠤᠢ ᠶᠢ ᠬᠦᠭᠵᠢᠬᠦᠯᠬᠦ᠂ | ᠦᠨᠳᠤᠰᠤᠳᠠᠨ ᠤ ᠪᠦᠯᠬᠦᠮᠳᠡᠯ ᠢ ᠠᠬᠢᠭᠤᠯᠬᠤ ᠵᠡᠷᠭᠡ ᠲᠠᠯ᠎ᠠ ᠪᠠᠷ ᠢᠳᠡᠪᠬᠢᠳᠡᠢ ᠬᠤᠪᠢ ᠨᠡᠮᠡᠷᠢ ᠦᠵᠡᠬᠦᠯᠪᠡ᠃ | ᠮᠠᠯᠴᠢᠨ ᠲᠠᠷᠢᠶᠠᠴᠢᠳ ᠲᠤ ᠦᠢᠯᠡᠴᠢᠯᠠᠬᠦ ᠶᠢᠨ ᠬᠠᠮᠳᠤ᠂ ᠢᠳᠡᠪᠬᠢᠳᠡᠢ ᠪᠠᠷ ᠭᠠᠳᠠᠭᠰᠢ ᠭᠠᠷᠴᠦ᠂ ᠪᠡᠭᠡᠵᠢᠩ᠂ | ᠵᠧᠵᠢᠶᠠᠩ᠂ ᠰᠢᠶᠠᠩᠭᠠᠩ᠂ ᠤᠤᠮᠧᠨ ᠵᠡᠷᠭᠡ ᠤᠯᠤᠰ ᠤᠨ ᠲᠤᠳᠤᠭᠠᠳᠤ ᠶᠢᠨ 20 ᠭᠠᠷᠤᠢ ᠮᠤᠵᠢ ᠬᠤᠳᠠ ᠪᠠᠷ | ᠲᠤᠭᠯᠠᠯᠳᠠ ᠭᠠᠷᠭᠠᠨ᠂ ᠲᠡᠨᠳᠡᠬᠢ ᠶᠢᠨ ᠠᠷᠠᠳ ᠲᠦᠮᠡᠨ ᠳᠤ ᠬᠦᠨ ᠬᠦᠨᠵᠡᠬᠡᠢ ᠠᠭᠤᠯᠭ᠎ᠠ ᠪᠦᠬᠦᠢ ᠲᠠᠯ᠎ᠠ ᠨᠤᠳᠤᠭ | ᠤᠨ ᠰᠤᠶᠤᠯ ᠢ ᠤᠶᠢᠯᠠᠭᠠᠭᠤᠯᠤᠭᠰᠠᠨ ᠪᠠᠶᠢᠨ᠎ᠡ᠃ ᠡᠬᠦᠨ ᠤ ᠬᠠᠮᠳᠤ ᠮᠡᠨ ᠤ ᠬᠤᠰᠢᠭᠤᠨ ᠤ ᠬᠠᠮᠤᠭ ᠨᠡᠶᠢᠳᠡᠯᠢᠭ | ᠦᠨᠳᠤᠰᠤᠳᠠᠨ ᠤ ᠰᠤᠶᠤᠯ ᠤᠨ ᠲᠦᠷᠦᠯ ᠲᠡᠮᠳᠡᠭ ᠪᠤᠯᠤᠨ ᠲᠦᠷᠢ ᠲᠦᠷᠬᠦ ᠪᠤᠯᠤᠭᠰᠠᠨ ᠤ ᠬᠤᠪᠢ ᠳᠤ᠂ ᠠᠮᠧᠷᠢᠺᠡ᠂ | ᠠᠦ᠋ᠰᠲᠷᠢᠶ᠎ᠠ᠂ ᠶᠠᠫᠤᠨ᠂ ᠮᠤᠩᠭᠤᠯ ᠵᠡᠷᠭᠡ ᠤᠯᠤᠰ ᠤᠷᠤᠨ ᠢᠶᠠᠷ ᠲᠤᠭᠯᠠᠯᠳᠠ ᠭᠠᠷᠭᠠᠵᠦ᠂ ᠦᠨᠳᠤᠰᠤᠳᠠᠨ ᠤ | ᠰᠤᠶᠤᠯ ᠢᠶᠠᠨ ᠲᠠᠯᠠᠬᠡᠢ ᠳᠤ ᠲᠠᠨᠢᠭᠤᠯᠤᠭᠰᠠᠨ ᠪᠡᠶᠢᠨ᠎ᠡ᠃ ᠪᠦᠷᠢᠨ ᠪᠤᠰᠤ ᠪᠦᠷᠢᠳᠭᠡᠯ ᠢ ᠦᠨᠳᠤᠰᠤᠯᠠᠪᠡᠯ᠂ ᠬᠠᠭᠠᠰ | ᠵᠠᠭᠤᠨ ᠤ ᠲᠤᠷᠰᠢ ᠮᠠᠯᠵᠢᠬᠤ ᠤᠷᠤᠨ᠂ ᠦᠢᠯᠡᠳᠪᠤᠷᠢ ᠠᠭᠤᠷᠬᠠᠢ᠂ ᠨᠡᠶᠢᠬᠡᠮ ᠲᠤᠭᠤᠷᠢᠭ᠂ ᠴᠡᠷᠢᠭ ᠠᠩᠬᠢ ᠵᠢᠴᠢ | ᠬᠤᠰᠢᠭᠤᠨ ᠤ ᠭᠠᠳᠠᠨ᠎ᠠ ᠭᠠᠷᠭᠠᠭᠰᠠᠨ ᠲᠤᠭᠯᠠᠯᠳᠠ ᠨᠡᠶᠢᠳᠡ 1 ᠲᠦᠮᠡ ᠢᠯᠡᠬᠦᠦ ᠲᠠᠯᠠᠪᠤᠷ ︵ᠤᠳᠠᠭ᠎ᠠ︶ ᠲᠤ | ᠬᠦᠷᠴᠦ᠂ 300 ᠭᠠᠷᠤᠢ ᠤᠷᠠᠯᠢᠭ ᠤᠨ ᠪᠦᠳᠤᠭᠡᠯ ᠡᠬᠦᠳᠴᠦ᠂ 2500 ᠭᠠᠷᠤᠢ ᠱᠠᠩᠨᠠᠯ ᠲᠤᠰᠪᠡ᠂ ᠡᠬᠦᠨ ᠳᠤ | ᠦᠪᠡᠷᠳᠡᠭᠡᠨ ᠵᠠᠰᠠᠬᠤ ᠤᠷᠤᠨ ᠤ ᠲᠡᠰ ᠠᠴᠠ ᠲᠡᠭᠡᠭᠰᠢᠬᠢ ᠱᠠᠩᠨᠠᠯ ᠢ 1400 ᠭᠠᠷᠤᠢ ᠲᠤᠰᠤᠭᠰᠠᠨ ᠪᠠᠶᠢᠨ᠎ᠡ᠃ |