ᠪᠦᠬᠦ ᠬᠤᠰᠢᠭᠤᠨ ᠤ ᠠᠩᠬᠠᠳᠠᠭᠴᠢ ᠤᠳᠠᠭᠠᠨ ᠤ ᠳᠤᠮᠳᠠᠳᠤ᠂ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠷᠠᠨ  ᠵᠢᠷᠤᠭ᠂ ᠤᠷᠠᠨ ᠪᠢᠴᠢᠯᠭᠡ ᠶᠢᠨ ᠤᠷᠤᠯᠳᠤᠭᠠᠨ ᠠᠮᠵᠢᠯᠲᠠ ᠲᠠᠢ  ᠶᠠᠪᠤᠭᠳᠠᠯ᠎ᠠ
ᠨᠡᠶᠢᠲᠡᠯᠡᠭᠰᠡᠨ ᠴᠠᠭ᠄
2017/6/7
       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠪᠠ ︽6.1︾᠎ ᠤ ᠳᠡᠯᠡᠬᠡᠢ ᠶᠢᠨ ᠬᠡᠦᠬᠡᠳ ᠤᠨ ᠪᠠᠶᠠᠷ ᠢ ᠪᠡᠯᠭᠡᠯᠡᠵᠦ᠂ 2017 ᠣᠨ ᠤ 5 ᠰᠠᠷ᠎ᠠ ᠶᠢᠨ 31᠎ ᠤ ᠡᠳᠦᠷ ᠰᠥᠨᠢᠳ ᠪᠠᠷᠠᠭᠤᠨ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠰᠥᠨᠢᠳ ᠪᠠᠷᠠᠭᠤᠨ ᠬᠤᠰᠢᠭᠤᠨ ᠎ ᠤ ᠰᠤᠷᠭᠠᠨ ᠬᠥᠮᠥᠵᠢᠯ ᠲᠧᠭᠨᠢᠭ ᠮᠡᠷᠭᠡᠵᠢᠯ ᠤᠨ ᠲᠣᠪᠴᠢᠶ᠎ᠠ ᠬᠠᠮᠲᠤᠷᠠᠨ ᠡᠷᠬᠢᠯᠡᠭᠰᠡᠨ ᠪᠦᠬᠦ ᠬᠤᠰᠢᠭᠤᠨ ᠤ ᠠᠩᠬᠠᠳᠠᠭᠴᠢ ᠤᠳᠠᠭᠠᠨ ᠤ ᠳᠤᠮᠳᠠᠳᠤ᠂ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠷᠠᠨ ᠵᠢᠷᠤᠭ᠂ ᠤᠷᠠᠨ ᠪᠢᠴᠢᠯᠭᠡ ᠶᠢᠨ ᠤᠷᠤᠯᠳᠤᠭᠠᠨ ᠤ ᠱᠠᠩᠨᠠᠯ ᠣᠯᠭᠤᠬᠤ ᠶᠣᠰᠣᠯᠠᠯ ᠬᠤᠰᠢᠭᠤ ᠭᠤᠷᠪᠠᠳᠤᠭᠠᠷ ᠪᠠᠭ᠎ᠠ ᠰᠤᠷᠭᠠᠭᠤᠯᠢ ᠳᠤ ᠶᠠᠪᠤᠭᠳᠠᠯ᠎ᠠ᠃       ᠲᠤᠰ ᠤᠳᠠᠭᠠᠨ ᠤ ᠤᠷᠤᠯᠳᠤᠭᠠᠨ ᠳᠤ 400 ᠭᠠᠷᠤᠢ ᠪᠦᠲᠦᠭᠡᠯ ᠣᠷᠣᠯᠴᠠᠵᠤ᠂ 200 ᠭᠠᠷᠤᠢ ᠪᠦᠲᠦᠭᠡᠯ ᠎ ᠢ ᠳᠡᠯᠭᠡᠨ ᠦᠵᠡᠭᠦᠯᠵᠡᠢ᠃ ᠪᠦᠲᠦᠭᠡᠯ ᠪᠦᠷᠢ ᠨᠢ ᠥᠪᠡᠷᠮᠢᠴᠡ ᠣᠨᠴᠠᠯᠢᠭ ᠲᠠᠢ ᠪᠠᠶᠢᠵᠤ᠂ ᠠᠮᠢ ᠠᠬᠤᠢ ᠪᠠᠨ ᠬᠠᠮᠠᠭᠠᠯᠠᠬᠤ ᠶᠢ ᠤᠷᠢᠶᠠᠯᠠᠭᠰᠠᠨ᠂ ᠨᠤᠲᠤᠭ ᠤᠰᠤ ᠪᠠᠨ ᠮᠠᠭᠲᠠᠨ ᠵᠢᠷᠤᠭᠯᠠᠭᠰᠠᠨ᠂ ᠬᠤᠰᠢᠭᠤᠨ ᠤ ᠪᠠᠨ ᠬᠥᠭᠵᠢᠯᠲᠡ ᠬᠤᠪᠢᠷᠠᠯᠲᠠ ᠶᠢ ᠢᠯᠡᠳᠬᠡᠭᠰᠡᠨ ᠵᠡᠷᠭᠡ ᠡᠯᠪᠡᠭ ᠪᠠᠶᠠᠯᠢᠭ ᠠᠭᠤᠯᠭ᠎ᠠ ᠲᠠᠢ ᠪᠠᠶᠢᠯ᠎ᠠ᠃ ᠰᠢᠯᠭᠠᠷᠠᠭᠤᠯᠤᠯᠲᠠ ᠪᠠᠷ ᠳᠠᠮᠵᠢᠨ ᠳᠥᠷᠪᠡᠳᠦᠭᠡᠷ ᠪᠠᠭ᠎ᠠ ᠰᠤᠷᠭᠠᠭᠤᠯᠢ ᠶᠢᠨ ᠰᠢᠤᠢ ᠶᠠ ᠨᠠᠨ ᠤ ︽ᠨᠤᠲᠤᠭ ᠤᠨ ᠬᠤᠪᠢᠷᠠᠯᠲᠠ︾ ᠭᠡᠳᠡᠭ ᠤᠷᠠᠨ ᠵᠢᠷᠤᠭ᠂ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠠᠢ ᠵᠢᠩ ᠴᠧᠨ ᠤ ︽ᠵᠥᠪ ᠰᠤᠷᠲᠠᠯ ᠢ ᠪᠠᠳᠠᠷᠠᠭᠤᠯᠤᠶ᠎ᠠ︾ ᠭᠡᠬᠦ ᠦᠰᠦᠨ ᠪᠢᠷ ᠤᠨ ᠪᠢᠴᠢᠯᠭᠡ ᠲᠤᠰ ᠲᠤᠰ ᠤᠷᠠᠨ ᠵᠢᠷᠤᠭ ᠤᠨ ᠳᠤᠭᠤᠶᠢᠯᠠᠩ ᠪᠠ ᠤᠷᠠᠨ ᠪᠢᠴᠢᠯᠭᠡ ᠶᠢᠨ ᠳᠤᠭᠤᠶᠢᠯᠠᠩ ᠤᠨ ᠨᠢᠭᠡᠳᠦᠭᠡᠷ ᠲᠡᠰ ᠲᠤ ᠣᠷᠣᠵᠠᠢ᠃ ᠭᠤᠷᠪᠠᠳᠤᠭᠠᠷ ᠪᠠᠭ᠎ᠠ ᠰᠤᠷᠭᠠᠭᠤᠯᠢ ᠶᠢᠨ ᠡᠷᠭᠦᠨ᠎ᠡ ᠵᠡᠷᠭᠡ 3 ᠰᠤᠷᠤᠭᠴᠢ ᠤᠷᠠᠨ ᠵᠢᠷᠤᠭ ᠤᠨ ᠳᠤᠭᠤᠶᠢᠯᠠᠩ ᠤᠨ ᠬᠤᠶᠠᠳᠤᠭᠠᠷ ᠲᠡᠰ᠂ ᠳᠥᠷᠪᠡᠳᠦᠭᠡᠷ ᠪᠠᠭ᠎ᠠ ᠰᠤᠷᠭᠠᠭᠤᠯᠢ ᠶᠢᠨ ᠰᠢᠶᠤᠤ ᠢ ᠷᠠᠨ ᠵᠡᠷᠭᠡ 3 ᠰᠤᠷᠤᠭᠴᠢ ᠤᠷᠠᠨ ᠪᠢᠴᠢᠯᠭᠡ ᠶᠢᠨ ᠳᠤᠭᠤᠶᠢᠯᠠᠩ ᠤᠨ ᠬᠤᠶᠠᠳᠤᠭᠠᠷ ᠲᠡᠰ ᠲᠤ ᠣᠷᠣᠵᠤ᠂ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠪᠠᠲᠤᠰᠥ᠋ᠮᠪᠥᠷ ᠵᠡᠷᠭᠡ 6 ᠰᠤᠷᠤᠭᠴᠢ ᠤᠷᠠᠨ ᠵᠢᠷᠤᠭ ᠤᠨ ᠭᠤᠷᠪᠠᠳᠤᠭᠠᠷ ᠲᠡᠰ᠂ ᠬᠤᠶᠠᠳᠤᠭᠠᠷ ᠪᠠᠭ᠎ᠠ ᠰᠤᠷᠭᠠᠭᠤᠯᠢ ᠶᠢᠨ ᠵᠠᠩ ᠽᠢ ᠢ ᠵᠡᠷᠭᠡ 6 ᠰᠤᠷᠤᠭᠴᠢ ᠤᠷᠠᠨ ᠪᠢᠴᠢᠯᠭᠡ ᠶᠢᠨ ᠭᠤᠷᠪᠠᠳᠤᠭᠠᠷ ᠲᠡᠰ ᠲᠤ ᠣᠷᠣᠵᠤ᠂ ᠨᠢᠭᠡᠳᠦᠭᠡᠷ ᠪᠠᠭ᠎ᠠ ᠰᠤᠷᠭᠠᠭᠤᠯᠢ ᠶᠢᠨ ᠸᠠᠩ ᠶᠠ ᠨᠢ ᠵᠡᠷᠭᠡ 10 ᠰᠤᠷᠤᠭᠴᠢ ᠤᠷᠠᠨ ᠵᠢᠷᠤᠭ ᠤᠨ ᠰᠢᠯᠢᠳᠡᠭ ᠲᠡᠰ᠂ ᠬᠤᠶᠠᠳᠤᠭᠠᠷ ᠳᠤᠮᠳᠠᠳᠤ ᠰᠤᠷᠭᠠᠭᠤᠯᠢ ᠎ ᠶᠢᠨ ᠢᠤᠢ ᠷᠠᠨ ᠰᠢ ᠵᠡᠷᠭᠡ 10 ᠰᠤᠷᠤᠭᠴᠢ ᠤᠷᠠᠨ ᠪᠢᠴᠢᠯᠭᠡ ᠶᠢᠨ ᠰᠢᠯᠢᠳᠡᠭ ᠲᠡᠰ ᠲᠤ ᠣᠷᠣᠵᠠᠢ᠃ ᠤᠷᠤᠯᠳᠤᠭᠠᠨ ᠳᠤ ᠪᠠᠰᠠ ᠪᠦᠷᠢᠨᠳᠡᠭᠰᠢ ᠵᠡᠷᠭᠡ 10 ᠰᠢᠯᠢᠳᠡᠭ ᠵᠢᠯᠣᠭᠤᠳᠤᠭᠰᠠᠨ ᠪᠠᠭᠰᠢ ᠪᠠ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠵᠡᠷᠭᠡ 5 ᠰᠢᠯᠢᠳᠡᠭ ᠵᠣᠬᠢᠶᠠᠨ ᠪᠠᠶᠢᠭᠤᠯᠤᠭᠰᠠᠨ ᠱᠠᠩᠨᠠᠯ ᠢ ᠣᠯᠭᠤᠵᠠᠢ᠃   ︵ᠪᠤᠷᠮ᠎ᠠ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号