ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠪᠠ ︽6. | 1︾ ᠤ ᠳᠡᠯᠡᠬᠡᠢ ᠶᠢᠨ ᠬᠡᠦᠬᠡᠳ ᠤᠨ ᠪᠠᠶᠠᠷ ᠢ ᠪᠡᠯᠭᠡᠯᠡᠵᠦ᠂ 2017 ᠣᠨ ᠤ 5 ᠰᠠᠷ᠎ᠠ ᠶᠢᠨ 31 ᠤ ᠡᠳᠦᠷ | ᠰᠥᠨᠢᠳ ᠪᠠᠷᠠᠭᠤᠨ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠰᠥᠨᠢᠳ ᠪᠠᠷᠠᠭᠤᠨ ᠬᠤᠰᠢᠭᠤᠨ | ᠤ ᠰᠤᠷᠭᠠᠨ ᠬᠥᠮᠥᠵᠢᠯ ᠲᠧᠭᠨᠢᠭ ᠮᠡᠷᠭᠡᠵᠢᠯ ᠤᠨ ᠲᠣᠪᠴᠢᠶ᠎ᠠ ᠬᠠᠮᠲᠤᠷᠠᠨ ᠡᠷᠬᠢᠯᠡᠭᠰᠡᠨ ᠪᠦᠬᠦ ᠬᠤᠰᠢᠭᠤᠨ ᠤ | ᠠᠩᠬᠠᠳᠠᠭᠴᠢ ᠤᠳᠠᠭᠠᠨ ᠤ ᠳᠤᠮᠳᠠᠳᠤ᠂ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠷᠠᠨ ᠵᠢᠷᠤᠭ᠂ ᠤᠷᠠᠨ | ᠪᠢᠴᠢᠯᠭᠡ ᠶᠢᠨ ᠤᠷᠤᠯᠳᠤᠭᠠᠨ ᠤ ᠱᠠᠩᠨᠠᠯ ᠣᠯᠭᠤᠬᠤ ᠶᠣᠰᠣᠯᠠᠯ ᠬᠤᠰᠢᠭᠤ ᠭᠤᠷᠪᠠᠳᠤᠭᠠᠷ ᠪᠠᠭ᠎ᠠ ᠰᠤᠷᠭᠠᠭᠤᠯᠢ ᠳᠤ | ᠶᠠᠪᠤᠭᠳᠠᠯ᠎ᠠ᠃ | ᠲᠤᠰ ᠤᠳᠠᠭᠠᠨ ᠤ ᠤᠷᠤᠯᠳᠤᠭᠠᠨ ᠳᠤ 400 ᠭᠠᠷᠤᠢ ᠪᠦᠲᠦᠭᠡᠯ ᠣᠷᠣᠯᠴᠠᠵᠤ᠂ 200 ᠭᠠᠷᠤᠢ ᠪᠦᠲᠦᠭᠡᠯ | ᠢ ᠳᠡᠯᠭᠡᠨ ᠦᠵᠡᠭᠦᠯᠵᠡᠢ᠃ ᠪᠦᠲᠦᠭᠡᠯ ᠪᠦᠷᠢ ᠨᠢ ᠥᠪᠡᠷᠮᠢᠴᠡ ᠣᠨᠴᠠᠯᠢᠭ ᠲᠠᠢ ᠪᠠᠶᠢᠵᠤ᠂ ᠠᠮᠢ ᠠᠬᠤᠢ ᠪᠠᠨ | ᠬᠠᠮᠠᠭᠠᠯᠠᠬᠤ ᠶᠢ ᠤᠷᠢᠶᠠᠯᠠᠭᠰᠠᠨ᠂ ᠨᠤᠲᠤᠭ ᠤᠰᠤ ᠪᠠᠨ ᠮᠠᠭᠲᠠᠨ ᠵᠢᠷᠤᠭᠯᠠᠭᠰᠠᠨ᠂ ᠬᠤᠰᠢᠭᠤᠨ ᠤ ᠪᠠᠨ ᠬᠥᠭᠵᠢᠯᠲᠡ | ᠬᠤᠪᠢᠷᠠᠯᠲᠠ ᠶᠢ ᠢᠯᠡᠳᠬᠡᠭᠰᠡᠨ ᠵᠡᠷᠭᠡ ᠡᠯᠪᠡᠭ ᠪᠠᠶᠠᠯᠢᠭ ᠠᠭᠤᠯᠭ᠎ᠠ ᠲᠠᠢ ᠪᠠᠶᠢᠯ᠎ᠠ᠃ ᠰᠢᠯᠭᠠᠷᠠᠭᠤᠯᠤᠯᠲᠠ ᠪᠠᠷ | ᠳᠠᠮᠵᠢᠨ ᠳᠥᠷᠪᠡᠳᠦᠭᠡᠷ ᠪᠠᠭ᠎ᠠ ᠰᠤᠷᠭᠠᠭᠤᠯᠢ ᠶᠢᠨ ᠰᠢᠤᠢ ᠶᠠ ᠨᠠᠨ ᠤ ︽ᠨᠤᠲᠤᠭ ᠤᠨ ᠬᠤᠪᠢᠷᠠᠯᠲᠠ︾ ᠭᠡᠳᠡᠭ | ᠤᠷᠠᠨ ᠵᠢᠷᠤᠭ᠂ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠠᠢ ᠵᠢᠩ ᠴᠧᠨ ᠤ ︽ᠵᠥᠪ ᠰᠤᠷᠲᠠᠯ ᠢ | ᠪᠠᠳᠠᠷᠠᠭᠤᠯᠤᠶ᠎ᠠ︾ ᠭᠡᠬᠦ ᠦᠰᠦᠨ ᠪᠢᠷ ᠤᠨ ᠪᠢᠴᠢᠯᠭᠡ ᠲᠤᠰ ᠲᠤᠰ ᠤᠷᠠᠨ ᠵᠢᠷᠤᠭ ᠤᠨ ᠳᠤᠭᠤᠶᠢᠯᠠᠩ ᠪᠠ ᠤᠷᠠᠨ | ᠪᠢᠴᠢᠯᠭᠡ ᠶᠢᠨ ᠳᠤᠭᠤᠶᠢᠯᠠᠩ ᠤᠨ ᠨᠢᠭᠡᠳᠦᠭᠡᠷ ᠲᠡᠰ ᠲᠤ ᠣᠷᠣᠵᠠᠢ᠃ ᠭᠤᠷᠪᠠᠳᠤᠭᠠᠷ ᠪᠠᠭ᠎ᠠ ᠰᠤᠷᠭᠠᠭᠤᠯᠢ ᠶᠢᠨ | ᠡᠷᠭᠦᠨ᠎ᠡ ᠵᠡᠷᠭᠡ 3 ᠰᠤᠷᠤᠭᠴᠢ ᠤᠷᠠᠨ ᠵᠢᠷᠤᠭ ᠤᠨ ᠳᠤᠭᠤᠶᠢᠯᠠᠩ ᠤᠨ ᠬᠤᠶᠠᠳᠤᠭᠠᠷ ᠲᠡᠰ᠂ ᠳᠥᠷᠪᠡᠳᠦᠭᠡᠷ ᠪᠠᠭ᠎ᠠ | ᠰᠤᠷᠭᠠᠭᠤᠯᠢ ᠶᠢᠨ ᠰᠢᠶᠤᠤ ᠢ ᠷᠠᠨ ᠵᠡᠷᠭᠡ 3 ᠰᠤᠷᠤᠭᠴᠢ ᠤᠷᠠᠨ ᠪᠢᠴᠢᠯᠭᠡ ᠶᠢᠨ ᠳᠤᠭᠤᠶᠢᠯᠠᠩ ᠤᠨ ᠬᠤᠶᠠᠳᠤᠭᠠᠷ | ᠲᠡᠰ ᠲᠤ ᠣᠷᠣᠵᠤ᠂ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠪᠠᠲᠤᠰᠥ᠋ᠮᠪᠥᠷ ᠵᠡᠷᠭᠡ 6 | ᠰᠤᠷᠤᠭᠴᠢ ᠤᠷᠠᠨ ᠵᠢᠷᠤᠭ ᠤᠨ ᠭᠤᠷᠪᠠᠳᠤᠭᠠᠷ ᠲᠡᠰ᠂ ᠬᠤᠶᠠᠳᠤᠭᠠᠷ ᠪᠠᠭ᠎ᠠ ᠰᠤᠷᠭᠠᠭᠤᠯᠢ ᠶᠢᠨ ᠵᠠᠩ ᠽᠢ ᠢ ᠵᠡᠷᠭᠡ | 6 ᠰᠤᠷᠤᠭᠴᠢ ᠤᠷᠠᠨ ᠪᠢᠴᠢᠯᠭᠡ ᠶᠢᠨ ᠭᠤᠷᠪᠠᠳᠤᠭᠠᠷ ᠲᠡᠰ ᠲᠤ ᠣᠷᠣᠵᠤ᠂ ᠨᠢᠭᠡᠳᠦᠭᠡᠷ ᠪᠠᠭ᠎ᠠ ᠰᠤᠷᠭᠠᠭᠤᠯᠢ ᠶᠢᠨ | ᠸᠠᠩ ᠶᠠ ᠨᠢ ᠵᠡᠷᠭᠡ 10 ᠰᠤᠷᠤᠭᠴᠢ ᠤᠷᠠᠨ ᠵᠢᠷᠤᠭ ᠤᠨ ᠰᠢᠯᠢᠳᠡᠭ ᠲᠡᠰ᠂ ᠬᠤᠶᠠᠳᠤᠭᠠᠷ ᠳᠤᠮᠳᠠᠳᠤ ᠰᠤᠷᠭᠠᠭᠤᠯᠢ | ᠶᠢᠨ ᠢᠤᠢ ᠷᠠᠨ ᠰᠢ ᠵᠡᠷᠭᠡ 10 ᠰᠤᠷᠤᠭᠴᠢ ᠤᠷᠠᠨ ᠪᠢᠴᠢᠯᠭᠡ ᠶᠢᠨ ᠰᠢᠯᠢᠳᠡᠭ ᠲᠡᠰ ᠲᠤ ᠣᠷᠣᠵᠠᠢ᠃ | ᠤᠷᠤᠯᠳᠤᠭᠠᠨ ᠳᠤ ᠪᠠᠰᠠ ᠪᠦᠷᠢᠨᠳᠡᠭᠰᠢ ᠵᠡᠷᠭᠡ 10 ᠰᠢᠯᠢᠳᠡᠭ ᠵᠢᠯᠣᠭᠤᠳᠤᠭᠰᠠᠨ ᠪᠠᠭᠰᠢ ᠪᠠ ᠮᠣᠩᠭᠤᠯ | ᠦᠨᠳᠦᠰᠦᠲᠡᠨ ᠤ ᠪᠠᠭ᠎ᠠ ᠰᠤᠷᠭᠠᠭᠤᠯᠢ ᠵᠡᠷᠭᠡ 5 ᠰᠢᠯᠢᠳᠡᠭ ᠵᠣᠬᠢᠶᠠᠨ ᠪᠠᠶᠢᠭᠤᠯᠤᠭᠰᠠᠨ ᠱᠠᠩᠨᠠᠯ ᠢ ᠣᠯᠭᠤᠵᠠᠢ᠃ | ︵ᠪᠤᠷᠮ᠎ᠠ︶ | | | | | | | | | | | | | | |