ᠲᠠᠩ ᠸᠧᠨ ᠱᠧᠩ
ᠨᠡᠶᠢᠲᠡᠯᠡᠭᠰᠡᠨ ᠴᠠᠭ᠄
2017/7/10
ᠲᠣᠪᠴᠢ ᠨᠠᠮᠲᠠᠷ      ᠲᠠᠩ ᠸᠧᠨ ᠱᠧᠩ᠂ ᠡᠷᠡᠭᠲᠡᠶ᠂ ᠮᠣᠩᠭᠤᠯ ᠦᠨᠳᠦᠰᠦᠲᠡᠨ᠂ 1971 ᠣᠨ ᠤ 11 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠥᠨᠢᠳ ᠪᠠᠷᠠᠭᠤᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠶᠢᠨ ᠲᠤᠰᠢᠶᠠᠯ ᠲᠠᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠥᠨᠢᠳ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠤᠨ ᠳᠡᠳ᠋ ᠡᠷᠬᠢᠯᠡᠭᠴᠢ᠂ ᠱᠠᠯᠠᠪᠳᠠᠭᠤᠯᠤᠨ ᠪᠠᠶᠢᠴᠠᠭᠠᠬᠤ ᠲᠠᠰᠤᠭ ᠤᠨ ᠡᠷᠬᠢᠯᠡᠭᠴᠢ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠥᠨᠢᠳ ᠪᠠᠷᠠᠭᠤᠨ ᠬᠤᠰᠢᠭᠤᠨ ᠤ ᠰᠠᠶᠢᠬᠠᠨᠲᠠᠯ᠎ᠠ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠥᠨᠢᠳ ᠪᠠᠷᠠᠭᠤᠨ ᠬᠤᠰᠢᠭᠤᠨ ᠤ ᠰᠠᠶᠢᠬᠠᠨᠲᠠᠯ᠎ᠠ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠶᠡᠷᠦᠩᠬᠡᠶᠢᠯᠡᠨ ᠵᠠᠰᠠᠬᠤ ᠵᠥᠪᠯᠡᠯ ᠤᠨ ᠡᠷᠬᠢᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠥᠨᠢᠳ ᠪᠠᠷᠠᠭᠤᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ᠃ᠠᠵᠢᠯ ᠶᠢᠨ ᠬᠤᠪᠢᠶᠠᠷᠢᠯᠠᠯ      ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠢᠨ ᠠᠵᠢᠯ ᠢ ᠬᠠᠪᠰᠤᠷᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠣᠩᠭᠤᠭᠤᠯᠢ ᠶᠢᠨ ᠠᠵᠢᠯ ᠤᠨ ᠵᠥᠪᠯᠡᠯ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠠᠷᠠᠳ ᠤᠨ ᠬᠠᠷᠢᠶᠠᠲᠤ ᠶᠢᠨ ᠠᠵᠢᠯ ᠤᠨ ᠵᠥᠪᠯᠡᠯ ᠢ ᠬᠤᠪᠢᠳᠠᠨ ᠬᠠᠮᠢᠶᠠᠷᠤᠨ᠎ᠠ᠃ ᠦᠨᠳᠦᠰᠦᠲᠡᠨ ᠱᠠᠰᠢᠨ ᠰᠤᠷᠲᠠᠬᠤᠨ᠂ ᠬᠠᠷᠢᠶᠠᠲᠤ ᠶᠢᠨ ᠶᠠᠪᠤᠳᠠᠯ ᠭᠠᠳᠠᠭᠠᠳᠤ ᠶᠠᠪᠤᠳᠠᠯ᠂ ᠰᠤᠷᠭᠠᠨ ᠬᠥᠮᠦᠵᠢᠯ᠂ ᠰᠣᠶᠣᠯ ᠪᠡᠶ᠎ᠡ ᠶᠢᠨ ᠲᠠᠮᠢᠷ᠂ ᠵᠢᠭᠤᠯᠴᠢᠯᠠᠯ᠂ ᠠᠷᠠᠳ ᠤᠨ ᠶᠠᠪᠤᠳᠠᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠬᠥᠮᠦᠨ ᠤ ᠬᠦᠴᠦᠨ ᠤ ᠡᠬᠢ ᠪᠠᠶᠠᠯᠢᠭ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠡᠮᠴᠢᠯᠡᠭᠡᠨ ᠤ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠵᠡᠷᠭᠡ ᠲᠠᠯ᠎ᠠ ᠶᠢᠨ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ 731 ᠷᠠᠳᠢᠣ᠋ ᠬᠤᠷᠢᠶ᠎ᠠ᠂ ᠷᠠᠳᠢᠣ᠋ ᠲᠧᠯᠸᠢᠰ ᠤᠨ ᠰᠦᠯᠵᠢᠶᠡᠨ ᠤ ᠺᠣᠮᠫᠠᠨᠢ ᠲᠠᠢ ᠬᠠᠷᠢᠯᠴᠠᠨ᠎ᠠ᠃
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号