ᠼᠣᠣ ᠱᠤ᠋ ᠸᠧᠨ
ᠨᠡᠶᠢᠲᠡᠯᠡᠭᠰᠡᠨ ᠴᠠᠭ᠄
2017/7/10
ᠼᠣᠣ ᠱᠤ᠋ ᠸᠧᠨ ᠨᠥᠬᠦᠷ ᠤᠨ ᠲᠣᠪᠴᠢ ᠨᠠᠮᠲᠠᠷ      1991.09 — 1993.07  ᠥᠪᠥᠷ ᠮᠣᠩᠭᠤᠯ ᠤᠨ ᠤᠯᠠᠭᠠᠨᠴᠠᠪ ᠠᠶᠢᠮᠠᠭ ᠤᠨ ᠠᠷᠠᠳ ᠤᠨ ᠴᠠᠭᠳᠠᠭ᠎ᠠ ᠶᠢᠨ ᠰᠤᠷᠭᠠᠭᠤᠯᠢ ᠶᠢᠨ ᠳᠣᠲᠣᠭᠠᠳᠤ ᠶᠢ ᠬᠠᠮᠠᠭᠠᠯᠠᠬᠤ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠳᠤ ᠰᠤᠷᠤᠯᠴᠠᠪᠠ  ᠃      1993.07 — 1993.08  ᠠᠵᠢᠯ ᠬᠦᠯᠢᠶᠡᠪᠡ  ᠃      1993.08 — 2004.12  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠥᠨᠢᠳ ᠪᠠᠷᠠᠭᠤᠨ ᠬᠤᠰᠢᠭᠤᠨ ᠤ ᠲᠣᠲᠣᠭᠠᠳᠤ ᠶᠢ ᠬᠠᠮᠠᠭᠠᠯᠠᠬᠤ ᠲᠣᠪᠴᠢᠶᠠᠨ ᠳᠤ ᠠᠵᠢᠯᠯᠠᠵᠤ᠂ 2003.11 ᠣᠨ ᠳᠤ ᠤᠯᠤᠰ ᠲᠥᠷᠥ ᠶᠢᠨ ᠠᠵᠢᠯ ᠤᠨ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠪᠠ ︵ᠡᠨᠡ ᠬᠤᠭᠤᠴᠠᠭᠠᠨ ᠳᠤ᠄ 2002.06 — 2004.07  ᠳᠤᠮᠳᠠᠳᠤ ᠤᠯᠤᠰ ᠤᠨ ᠠᠷᠠᠳ ᠤᠨ ᠳᠣᠲᠣᠭᠠᠳᠤ ᠶᠢ ᠬᠠᠮᠠᠭᠠᠯᠠᠬᠤ ᠶᠡᠭᠡ ᠰᠤᠷᠭᠠᠭᠤᠯᠢ ᠶᠢᠨ ᠳᠣᠲᠣᠭᠠᠳᠤ ᠶᠢ ᠬᠠᠮᠠᠭᠠᠯᠠᠬᠤ ᠬᠠᠮᠢᠶᠠᠷᠤᠯᠲᠠ ᠶᠢᠨ ᠲᠤᠰᠬᠠᠶ ᠮᠡᠷᠭᠡ ᠵᠢᠯ ᠤᠨ ᠵᠢᠩᠬᠢᠨᠢ ᠠᠩᠭᠢ ᠳᠤ ᠦᠪᠡᠷᠳᠡᠭᠡᠨ ᠢᠶᠠᠨ ᠰᠢᠯᠭᠠᠭᠤᠯᠤᠨ ᠰᠤᠷᠤᠯᠴᠠᠪᠠ︶  ᠃      2004.12 — 2008.02  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠥᠨᠢᠳ ᠪᠠᠷᠠᠭᠤᠨ ᠬᠤᠰᠢᠭᠤᠨ ᠤ ᠳᠣᠳᠤᠭᠠᠳᠤ ᠶᠢ ᠬᠠᠮᠠᠭᠠᠯᠠᠬᠤ ᠲᠣᠪᠴᠢᠶᠠᠨ ᠤ ᠮᠥᠷᠳᠡᠨ ᠲᠠᠩᠨᠠᠭᠴᠢ ︵ᠳᠡᠳ᠋ ᠰᠠᠯᠠᠭᠠᠨ ᠲᠠᠰ︶᠎ ᠪᠠᠷ ᠠᠵᠢᠯᠯᠠᠵᠤ᠂ ᠤᠯᠤᠰ ᠲᠥᠷᠥ ᠶᠢᠨ ᠠᠵᠢᠯ ᠤᠨ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠪᠠ᠃      2008.02 — 2011.03  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠥᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠪᠠ᠃      2011.03 — 2015.01  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠥᠨᠢᠳ ᠪᠠᠷᠠᠭᠤᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶᠠᠨ ᠤ ᠲᠣᠪᠴᠢᠶᠠᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠪᠠ᠃      2015.01 — 2016.03  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠥᠨᠢᠳ ᠪᠠᠷᠠᠭᠤᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ᠲᠣᠪᠴᠢᠶᠠᠨ ᠤ ᠲᠣᠪᠴᠢᠶᠠᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠪᠠ᠃      2016.03 — 2016.11  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠥᠨᠢᠳ ᠪᠠᠷᠠᠭᠤᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠎ ᠶᠢᠨ ᠲᠤᠰᠢᠶᠠᠯ ᠢ ᠬᠠᠷᠢᠭᠤᠴᠠᠵᠤ ᠪᠠᠶᠢᠪᠠ᠃      2016.11 — 2019.02  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠥᠨᠢᠳ ᠪᠠᠷᠠᠭᠤᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠪᠠ᠃      2019.02 — 2019.06  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠥᠨᠢᠳ ᠪᠠᠷᠠᠭᠤᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠪᠠ᠃      2019.06 — ᠣᠳᠣ ᠪᠣᠯᠲᠠᠯ᠎ᠠ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠥᠨᠢᠳ ᠪᠠᠷᠠᠭᠤᠨ ᠬᠤᠰᠢᠭᠤᠨ ᠤ ᠠᠷᠠᠳ ᠤᠨ  ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃ᠠᠵᠢᠯ ᠶᠢᠨ ᠬᠤᠪᠢᠶᠠᠷᠢᠯᠠᠯ      ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠶᠢᠨ ᠠᠵᠢᠯ ᠢ ᠬᠠᠪᠰᠤᠷᠤᠨ᠂ ᠡᠳ᠋ ᠤᠨ ᠵᠠᠰᠠᠭ ᠠᠵᠤ ᠠᠬᠤᠢ ᠶᠢᠨ ᠠᠵᠢᠯ ᠤᠨ ᠵᠥᠪᠯᠡᠯ ᠢ ᠬᠤᠪᠢᠳᠠᠨ ᠬᠠᠮᠢᠶᠠᠷᠴᠤ᠂ ᠡᠳ᠋ ᠤᠨ ᠵᠠᠰᠠᠭ᠂ ᠲᠥᠯᠥᠪᠯᠡᠭᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠣᠷᠣᠨ ᠰᠠᠭᠤᠴᠠ ᠪᠦᠲᠦᠭᠡᠨ ᠪᠠᠶᠢᠭᠤᠯᠤᠯᠲᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠪᠠᠢᠭᠠᠯᠢ ᠶᠢᠨ ᠡᠬᠢ ᠪᠠᠶᠠᠯᠢᠭ᠂ ᠪᠠᠴᠢᠮ ᠪᠠᠢᠳᠠᠯ ᠢ ᠠᠷᠭᠠᠴᠠᠬᠤ ᠬᠠᠮᠢᠶᠠᠷᠤᠯᠲᠠ᠂ ᠵᠠᠮ ᠲᠡᠭᠡᠭᠡᠪᠦᠷᠢ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠣᠯᠠᠨ ᠨᠡᠢᠲᠡ ᠶᠢᠨ ᠡᠬᠢ ᠪᠠᠶᠠᠯᠢᠭ ᠤᠨ ᠰᠣᠯᠢᠯᠴᠠᠭ᠎ᠠ ᠵᠡᠷᠭᠡ ᠲᠠᠯ᠎ᠠ ᠶᠢᠨ ᠠᠵᠢᠯ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠴᠠᠬᠢᠯᠭᠠᠨ ᠬᠠᠩᠭᠠᠬᠤ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠮᠥᠩᠭᠦᠨ ᠭᠦᠶ᠋ᠯᠭᠡᠭᠡᠨ ᠤ ᠰᠢᠰᠲ᠋ᠧᠮ᠂ ᠳᠠᠭᠠᠳᠬᠠᠯ ᠤᠨ ᠰᠢᠰᠲ᠋ᠧᠮ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠠᠮᠢᠶᠠᠷᠠᠯᠲᠠ ᠶᠢᠨ ᠲᠥᠪ᠂ ᠴᠠᠬᠢᠯᠭᠠᠨ ᠬᠤᠯᠪᠣᠭᠠᠨ ᠤ ᠡᠵᠡᠩᠨᠡᠯᠲᠡ ᠶᠢᠨ ᠰᠢᠰᠲ᠋ᠧᠮ᠂ ᠴᠢᠯᠠᠭᠤᠨ ᠲᠣᠰᠣᠨ ᠤ ᠺᠣᠮᠫᠠᠨᠢ᠂ ᠠᠮᠤ ᠪᠤᠳᠠᠭ᠎ᠠ ᠨᠥᠭᠡᠴᠡᠯᠡᠬᠦ ᠬᠥᠮᠥᠷᠭᠡ᠂ ᠲᠠᠮᠠᠬᠢ ᠲᠤᠰᠬᠠᠶ ᠬᠤᠳᠠᠯᠳᠤᠬᠤ ᠲᠣᠪᠴᠢᠶ᠎ᠠ ᠲᠠᠢ  ᠬᠤᠯᠪᠣᠭ᠎ᠠ ᠪᠠᠷᠢᠨ᠎ᠠ᠃
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号