ᠲᠣᠪᠴᠢ ᠨᠠᠮᠲᠠᠷ | ᠨᠠᠰᠤᠨ᠋ᠥ᠌ᠯᠵᠡᠢ᠂ ᠡᠷᠡᠭᠲᠡᠶ᠂ ᠮᠣᠩᠭᠤᠯ ᠦᠨᠳᠦᠰᠦᠲᠡᠨ᠂ ᠥᠪᠥᠷ ᠮᠣᠩᠭᠤᠯ ᠤᠨ ᠬᠦᠷᠢᠶ᠎ᠡ ᠬᠤᠰᠢᠭᠤᠨ ᠤ | ᠬᠥᠮᠥᠨ᠃ 1982 ᠣᠨ ᠤ 1 ᠰᠠᠷ᠎ᠠ ᠳᠤ ᠠᠵᠢᠯ ᠤᠨ ᠪᠠᠶᠢᠷᠢ ᠳᠤ ᠭᠠᠷᠴᠤ᠂ 1992 ᠣᠨ ᠤ 12 ᠰᠠᠷ᠎ᠠ ᠳᠤ | ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠃ | 1982.1 — 1985.9 ᠥᠪᠥᠷ ᠮᠣᠩᠭᠤᠯ ᠤᠨ ᠬᠦᠷᠢᠶ᠎ᠡ ᠬᠤᠰᠢᠭᠤᠨ ᠤ ᠲᠡᠷᠢᠭᠦᠨ ᠤ | ᠨᠢᠭᠡᠳᠦᠯ ᠤᠨ ᠰᠤᠷᠭᠠᠭᠤᠯᠢ ᠳᠤ ᠪᠠᠭᠰᠢᠯᠠᠪᠠ︔ | 1985.9 — 1989.7 ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠯᠤᠰ | ᠲᠥᠷᠥ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠳᠤ ᠰᠤᠷᠤᠯᠴᠠᠪᠠ ᠃ | 1989.7 — 1995.4 ᠰᠥᠨᠢᠳ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠨᠠᠮ ᠤᠨ | ᠰᠤᠷᠭᠠᠭᠤᠯᠢ ᠳᠤ ᠠᠵᠢᠯᠯᠠᠪᠠ᠃ | 1995.4 — 1999.9 ᠰᠥᠨᠢᠳ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ | ᠪᠠᠶᠢᠭᠤᠯᠬᠤ ᠬᠡᠯᠲᠡᠰ ᠲᠤ ᠠᠵᠢᠯᠯᠠᠵᠤ᠂ 1997 ᠣᠨ ᠤ 5 ᠰᠠᠷ᠎ᠠ ᠳᠤ ᠬᠤᠰᠢᠭᠤᠨ ᠤ ᠨᠠᠮ ᠤᠨ ᠬᠤᠷᠢᠶᠠᠨ ᠤ | ᠵᠣᠬᠢᠶᠠᠨ ᠪᠠᠶᠢᠭᠤᠯᠬᠤ ᠭᠡᠰᠢᠭᠦᠨ ᠪᠣᠯᠪᠠ᠃ | 1999.9 — 2002 .6 ᠰᠥᠨᠢᠳ ᠪᠠᠷᠠᠭᠤᠨ ᠬᠤᠰᠢᠭᠤᠨ ᠤ ᠬᠢᠨᠠᠨ ᠪᠠᠶᠢᠴᠠᠭᠠᠬᠤ ᠲᠣᠪᠴᠢᠶᠠᠨ ᠤ | ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠪᠠ᠃ | 2002.6 — 2013.1 ᠰᠥᠨᠢᠳ ᠪᠠᠷᠠᠭᠤᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠳᠡᠳ᠋ ᠱᠦᠵᠢ᠂ 2004 ᠣᠨ ᠤ 3 ᠰᠠᠷ᠎ᠠ ᠳᠤ ᠬᠢᠨᠠᠨ ᠪᠠᠶᠢᠴᠠᠭᠠᠬᠤ ᠲᠣᠪᠴᠢᠶᠠᠨ ᠤ ᠳᠠᠷᠤᠭ᠎ᠠ᠂ | ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠤ ᠲᠤᠰᠢᠶᠠᠯ ᠢ | ᠬᠠᠪᠰᠤᠷᠭᠠᠨ ᠬᠠᠷᠢᠭᠤᠴᠠᠪᠠ᠃ | 2013 ᠣᠨ ᠤ 1 ᠰᠠᠷ᠎ᠠ ᠳᠤ ᠰᠥᠨᠢᠳ ᠪᠠᠷᠠᠭᠤᠨ ᠬᠤᠰᠢᠭᠤᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ ᠪᠠᠷ ᠰᠣᠩᠭᠤᠭᠳᠠᠪᠠ᠃ | | ᠠᠵᠢᠯ ᠶᠢᠨ ᠬᠤᠪᠢᠶᠠᠷᠢᠯᠠᠯ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ | ᠡᠷᠬᠢᠯᠡᠭᠴᠢ ᠶᠢᠨ ᠠᠵᠢᠯ ᠢ ᠬᠠᠪᠰᠤᠷᠴᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠢᠩᠭᠤ ᠶᠢᠨ ᠬᠤᠷᠢᠶᠠᠨ ᠤ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠠᠯᠪᠠᠨ ᠭᠡᠷ᠂ ᠳᠣᠲᠣᠭᠠᠳᠤ | ᠶᠠᠪᠤᠳᠠᠯ ᠤᠨ ᠬᠠᠤᠯᠢ ᠴᠠᠭᠠᠵᠠ ᠶᠢᠨ ᠠᠵᠢᠯ ᠤᠨ ᠵᠥᠪᠯᠡᠯ ᠢ ᠬᠤᠪᠢᠳᠠᠨ ᠬᠠᠮᠢᠶᠠᠷᠤᠨ᠎ᠠ᠃ ᠰᠢᠭᠦᠬᠦ ᠬᠤᠷᠢᠶ᠎ᠠ᠂ | ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠬᠢᠨᠠᠨ ᠪᠣᠳᠤᠬᠤ᠂ ᠲᠤᠭ᠎ᠠ | ᠪᠦᠷᠢᠳᠬᠡᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠵᠠᠬᠢᠳᠠᠯ ᠰᠣᠷᠪᠤᠯᠵᠢᠯᠠᠭ᠎ᠠ | ᠵᠡᠷᠭᠡ ᠲᠠᠯ᠎ᠠ ᠶᠢᠨ ᠠᠵᠢᠯ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ |