ᠰᠦᠨᠢᠳ ᠪᠠᠷᠠᠭᠤᠨ ᠬᠤᠰᠢᠭᠤᠨ ᠤ ᠲᠤᠶᠢᠮᠤ ᠪᠠᠶᠢᠳᠠᠯ
ᠨᠡᠶᠢᠲᠡᠯᠡᠭᠰᠡᠨ ᠴᠠᠭ᠄
2017/7/10
     ᠰᠦᠨᠢᠳ ᠪᠠᠷᠠᠭᠤᠨ ᠬᠤᠰᠢᠭᠤ ᠨᠢ ᠦᠪᠦᠷ ᠮᠤᠩᠭᠤᠯ ᠤᠨ ᠦᠪᠡᠷᠲᠡᠬᠡᠨ ᠵᠠᠰᠠᠬᠤ ᠤᠷᠤᠨ ᠤ ᠲᠤᠮᠲᠠ ᠬᠡᠰᠡᠭ ᠂ ᠰᠢᠯᠢ ᠶᠢᠨ ᠭᠤᠤᠯ ᠠᠶᠢᠮᠠᠭ ᠤᠨ ᠪᠠᠷᠠᠭᠤᠨ ᠪᠡᠶ᠎ᠡ ᠳᠤ ᠪᠠᠶᠢᠷᠢᠯᠠᠵᠤ᠂ ᠬᠤᠶᠢᠭᠤᠷ ᠢᠶᠠᠷ ᠢᠶᠠᠨ ᠮᠤᠩᠭᠤᠯ ᠤᠯᠤᠰ  ᠲᠠᠢ ᠵᠠᠬ᠎ᠠ ᠨᠠᠶᠢᠯᠡᠵᠤ᠂ ᠬᠢᠯᠢ ᠶᠢᠨ ᠱᠤᠭᠤᠮ 18.15 ᠺᠢᠯᠤᠮᠧᠲᠷ ᠪᠤᠢ᠃ ᠵᠢᠨᠢᠩ ᠠᠴᠠ ᠡᠷᠢᠶᠠᠨ ᠬᠦᠷᠬᠦ ᠲᠡᠮᠦᠷ ᠵᠠᠮ᠂ 208  ᠤᠯᠤᠰ ᠤᠨ ᠵᠠᠮ᠂ 101 ᠤᠷᠤᠨ ᠤ ᠵᠠᠮ ᠬᠤᠰᠢᠭᠤᠨ ᠲᠦᠪ ᠰᠠᠶᠢᠬᠠᠨᠲᠠᠯ᠎ᠠ ᠪᠠᠯᠭᠠᠰᠤ ᠪᠠᠷ ᠥᠩᠭᠡᠷᠡᠵᠦ᠂ ᠵᠠᠮ ᠬᠠᠷᠢᠯᠴᠠᠭ᠎ᠠ ᠲᠦᠬᠦᠮ ᠲᠦᠲᠡ ᠪᠠᠶᠢᠲᠠᠭ᠃ ᠪᠦᠬᠦ ᠬᠤᠰᠢᠭᠤᠨ ᠳᠤ 4 ᠰᠤᠮᠤ 3 ᠪᠠᠯᠭᠠᠰᠤ ᠪᠠᠶᠢᠵᠤ᠂ 22340 ᠲᠡᠭᠰᠢ ᠲᠦᠷᠪᠡᠯᠵᠢᠨ ᠺᠢᠯᠤᠮᠧᠲᠷ ᠲᠡᠯᠡᠪᠡᠢ ᠲᠠᠢ᠂ ᠮᠤᠩᠭᠤᠯ᠂ ᠬᠢᠲᠡᠳ᠂ ᠬᠤᠲᠤᠩ᠂ ᠮᠠᠨᠵᠤ ᠵᠡᠷᠬᠡ 11 ᠦᠨᠲᠦᠰᠦᠲᠡᠨ ᠤ 6.90 ᠲᠦᠮᠡᠨ ᠬᠦᠮᠦᠨ ᠠᠮᠠ ᠤᠷᠤᠰᠢᠨ ᠠᠮᠢᠳᠤᠷᠠᠵᠤ ᠪᠠᠶᠢᠲᠠᠭ᠃      ᠪᠠᠶᠠᠯᠢᠭ ᠰᠠᠶᠢᠬᠠᠨ ᠰᠦᠨᠢᠳ ᠨᠤᠲᠤᠭ ᠲᠤ ᠡᠯᠪᠡᠭ ᠪᠠᠶᠠᠯᠢᠭ ᠠᠭᠤᠷᠬᠠᠢ ᠶᠢᠨ ᠰᠤᠷᠪᠤᠯᠵᠢ   ᠲᠠᠢ᠃ ᠤᠲᠤᠬᠠᠨ ᠪᠤᠯᠲᠠᠯ᠎ᠠ 28 ᠲᠦᠷᠦᠯ ᠤᠨ ᠠᠭᠤᠷᠬᠠᠢ ᠶᠢᠨ ᠰᠤᠷᠪᠤᠯᠵᠢ ᠶᠢ ᠢᠯᠡᠷᠡᠭᠦᠯᠵᠦ᠂ ᠨᠡᠬᠦᠷᠡᠰᠤ᠂ ᠴᠢᠯᠠᠭᠤᠨ ᠲᠤᠰᠤ᠂ ᠬᠤᠵᠢᠷ᠂ ᠬᠦᠷᠡᠯ᠂ ᠠᠯᠲᠠ᠂ ᠲᠡᠮᠤᠷ ᠵᠡᠷᠬᠡ ᠤᠳ ᠭᠤᠤᠯᠳᠠᠵᠤ ᠪᠠᠶᠢᠳᠠᠭ᠃ ᠮᠠᠨ ᠤ ᠬᠤᠰᠢᠭᠤᠨ ᠳᠤ ᠠᠽᠢᠶ᠎ᠠ ᠲᠢᠪ ᠤᠨ ᠬᠠᠮᠤᠭ ᠶᠡᠭᠡ ᠵᠠᠲᠠᠭᠠᠢ ᠬᠤᠵᠢᠷ ᠤᠨ ᠠᠭᠤᠷᠬᠠᠢ ᠪᠤᠯᠤᠨ ᠪᠦᠬᠦ ᠤᠯᠤᠰ ᠤᠨ ᠬᠠᠮᠤᠭ ᠡᠷᠲᠡ ᠪᠠᠶᠢᠭᠤᠯᠤᠭᠲᠠᠰᠠᠨ ᠡᠬᠡ ᠬᠠᠭᠤᠷᠠᠢ ᠶᠢᠨ ᠰᠠᠯᠬᠢᠨ ᠢᠶᠠᠷ ᠴᠠᠬᠢᠯᠭᠠᠨ ᠭᠠᠷᠭᠠᠬᠤ ᠲᠠᠯᠠᠪᠣᠷ ᠪᠤᠢ᠃ ᠪᠠᠶᠢᠭᠠᠯᠢᠯᠢᠭ ᠪᠡᠯᠴᠢᠭᠡᠷ ᠲᠤ ᠰᠦᠨᠢᠳ ᠬᠤᠨᠢ᠂ ᠰᠦᠨᠢᠳ ᠬᠤᠤᠰ ᠪᠦᠬᠦᠲᠦ ᠲᠡᠮᠡᠭᠡ ᠵᠡᠷᠬᠡ ᠨᠤᠲᠤᠭ ᠤᠨ ᠰᠢᠯᠢᠲᠡᠭ ᠡᠬᠦᠯᠲᠡᠷ ᠤᠨ ᠮᠠᠯ ᠲᠠᠵᠢᠬᠡᠪᠤᠷᠢ ᠲᠠᠢ᠃ ᠰᠦᠨᠢᠳ ᠸᠠᠩ ᠤᠨ ᠤᠷᠲᠤᠨ᠂ ᠦᠨᠲᠦᠷ ᠰᠦᠮ᠎ᠠ᠂ ᠪᠢᠯᠡᠬᠦᠲᠦ ᠰᠦᠮ᠎ᠠ᠂ ᠰᠦᠨᠢᠳ ᠬᠠᠲᠠᠨ ᠵᠢᠷᠤᠭ ᠵᠡᠷᠬᠡ 60 ᠭᠠᠷᠤᠢ ᠦᠵᠡᠮᠵᠢᠲᠤ ᠴᠡᠭ ᠪᠠ ᠲᠡᠦᠬᠡ ᠶᠢᠨ ᠦᠯᠡᠳᠡᠭᠳᠡᠯ ᠪᠤᠢ᠃
     ᠰᠦᠨᠢᠳ ᠪᠠᠷᠠᠭᠤᠨ ᠬᠤᠰᠢᠭᠤ ᠨᠢ ᠪᠦᠬᠦ ᠤᠯᠤᠰ ᠤᠨ ᠦᠨᠲᠦᠰᠦᠲᠡᠨ ᠤ ᠪᠦᠯᠬᠦᠮᠲᠡᠯ ᠤᠨ ᠲᠡᠷᠢᠬᠦᠨ ᠤ ᠬᠤᠰᠢᠭᠤ᠂ ᠦᠪᠡᠷᠲᠡᠬᠡᠨ ᠵᠠᠰᠠᠬᠤ ᠤᠷᠤᠨ ᠤ ᠬᠤᠶᠠᠷ ᠢ ᠬᠦᠷᠢᠶᠡᠯᠡᠭᠰᠡᠨ ᠵᠢᠱᠢᠶ᠎ᠠ ᠦᠵᠡᠬᠦᠯᠦᠭᠴᠢ ᠬᠤᠰᠢᠭᠤ᠂ ᠦᠪᠡᠷᠲᠡᠬᠡᠨ ᠵᠠᠰᠠᠬᠤ ᠤᠷᠤᠨ ᠤ ᠰᠤᠶᠤᠯ ᠤᠨ ᠲᠡᠷᠢᠬᠦᠨ ᠤ ᠬᠤᠰᠢᠭᠤ ᠵᠡᠷᠭᠡ ᠢᠷᠠᠭᠤ ᠠᠯᠲᠠᠷ ᠲᠠᠢ ᠪᠠᠶᠢᠵᠤ᠂ ᠪᠦᠬᠦ ᠤᠯᠤᠰ ᠤᠨ ᠤᠤᠭᠠᠨ ᠤᠯᠠᠭᠠᠨᠮᠦ᠋ᠴᠢᠷ ᠨᠢ ᠰᠦᠨᠢᠳ ᠤᠨ ᠲᠠᠯ᠎ᠠ ᠨᠤᠲᠤᠭ ᠲᠤ ᠮᠠᠨᠲᠤᠯᠠᠪᠠ᠃
     ᠤᠶᠢᠷ᠎ᠠ ᠶᠢᠨ ᠵᠢᠯ ᠠᠴᠠ ᠨᠠᠭᠠᠰᠢ᠂ ᠰᠦᠨᠢᠳ ᠪᠠᠷᠠᠭᠤᠨ ᠬᠤᠰᠢᠭᠤ ᠨᠢ ᠠᠯᠲᠠ‌‍ᠬᠦ᠋ᠷᠡᠯ ᠲᠡᠮᠤᠷ ᠬᠤᠵᠢᠷ᠂ ᠨᠡᠬᠦᠷᠡᠰᠤ᠂ ᠴᠢᠯᠠᠭᠤᠨ ᠲᠤᠰᠤ ᠪᠠ ᠮᠠᠯ ᠤᠨ ᠪᠦᠲᠦᠬᠡᠭᠲᠡᠬᠦᠨ ᠤᠨ ᠨᠠᠷᠢᠯᠢᠭ ᠡᠳᠡᠰᠢᠬᠦᠯᠦᠯᠲᠠ ᠶᠢ ᠴᠢᠬᠤᠯᠴᠢᠯᠠᠨ ᠠᠳᠬᠤᠵᠤ᠂ ᠪᠦᠬᠦ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠲᠠᠰᠤᠷᠠᠯᠲᠡ ᠦᠬᠡᠢ ᠬᠥᠭᠵᠢᠨ ᠪᠤᠵᠠᠭᠠᠶᠢᠷᠠᠵᠤ ᠪᠠᠶᠢᠨ᠎ᠠ᠃ ᠰᠢᠨ᠎ᠠ ᠬᠦᠲᠡᠭᠡ ᠲᠤᠰᠬᠤᠨ ᠮᠠᠯᠵᠢᠬᠤ ᠤᠷᠤᠨ ᠢ ᠪᠦᠲᠦᠬᠡᠨ ᠪᠠᠶᠢᠭᠤᠯᠬᠤ ᠪᠠᠷ ᠬᠠᠷᠠᠯᠲᠠ ᠪᠤᠯᠭᠠᠵᠤ᠂ ᠰᠦᠨᠢᠳ ᠬᠤᠨᠢ᠂ ᠰᠦᠨᠢᠳ ᠲᠡᠮᠡᠬᠡᠨ ᠤ ᠬᠠᠮᠠᠭᠠᠯᠠᠯᠲᠠ ᠶᠢᠨ ᠲᠡᠵᠢᠬᠡᠨ ᠦᠷᠡᠵᠢᠬᠦᠯᠬᠦ ᠰᠠᠭᠤᠷᠢᠨ᠂ ᠰᠢᠮᠨᠠᠲ᠋ᠧᠷ ᠰᠢᠯᠢᠲᠡᠭ ᠡᠬᠦᠯᠲᠡᠷ ᠤᠨ ᠮᠢᠬᠠᠨ ᠤ ᠦᠬᠡᠷ ᠤᠨ ᠲᠡᠵᠢᠬᠡᠨ ᠦᠷᠡᠵᠢᠬᠦᠯᠬᠦ ᠰᠠᠭᠤᠷᠢᠨ᠂ ᠡᠪᠡᠰᠤ ᠪᠤᠷᠲᠤᠭᠠᠨ  ᠤ ᠦᠢᠯᠡᠳᠪᠦᠷᠢᠯᠡᠯ ᠤᠨ ᠰᠠᠭᠤᠷᠢᠨ ᠵᠡᠷᠬᠡ ᠶᠢ ᠡᠷᠴᠢᠮᠲᠠᠢ ᠪᠦᠲᠦᠬᠡᠨ ᠪᠠᠶᠢᠭᠤᠯᠵᠤ ᠪᠠᠶᠢᠨ᠎ᠠ᠃      ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠠᠴᠠ ᠰᠦᠨᠢᠳ ᠲᠡᠮᠡᠭᠡ ᠶᠢ ᠬᠠᠮᠠᠭᠠᠯᠠᠨ ᠬᠦᠭᠵᠢᠬᠦᠯᠬᠦ ᠲᠦᠷᠦ ᠶᠢᠨ ᠪᠤᠲᠤᠯᠭ᠎ᠠ ᠶᠢ ᠲᠤᠭᠲᠠᠭᠠᠵᠤ᠂ ᠮᠠᠯᠴᠢᠳ ᠤᠨ ᠲᠡᠮᠡᠭᠡ ᠦᠰᠬᠡᠬᠦ ᠢᠲᠡᠪᠬᠢᠵᠢᠯ ᠢ ᠲᠠᠶᠢᠴᠢᠯᠠᠭᠰᠠᠨ ᠪᠠᠶᠢᠨ᠎ᠠ᠃ ᠤᠲᠤᠬᠠᠨ ᠳᠤ᠂ ᠪᠦᠬᠦ ᠬᠤᠰᠢᠭᠤᠨ ᠤ ᠲᠡᠮᠡᠭᠡ 4000 ᠬᠦᠷᠴᠤ᠂ ᠲᠤᠰᠬᠠᠢ ᠪᠡᠯᠴᠢᠬᠡᠷ 60 ᠲᠦᠮᠡᠨ ᠮᠤ᠋ ᠪᠠᠶᠢᠵᠤ᠂ ᠬᠤᠶᠠᠷ ᠰᠦᠨᠢᠳ ᠲᠡᠮᠡᠬᠡᠨ ᠤ ᠨᠡᠶᠢᠬᠡᠮᠯᠢᠭ ᠢ ᠪᠠᠶᠢᠭᠤᠯᠵᠤ᠂ ᠲᠡᠮᠡᠬᠡᠨ ᠦᠢᠯᠡᠰ ᠨᠢ ᠨᠢᠬᠡᠨᠲᠠ ᠪᠥᠬᠦ ᠬᠤᠰᠢᠭᠤᠨ ᠤ ᠮᠠᠯ ᠠᠵᠤ ᠠᠬᠤᠢ ᠶᠢᠨ ᠬᠥᠭᠵᠢᠯᠲᠡ ᠶᠢᠨ ᠨᠢᠬᠡᠨ ᠬᠢᠯᠡᠰ ᠴᠡᠭ ᠪᠤᠯᠪᠠ᠃
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号