ᠰᠦᠩ ᠡᠾᠦ᠋ᠩ ᠪᠢᠨ
ᠨᠡᠶᠢᠲᠡᠯᠡᠭᠰᠡᠨ ᠴᠠᠭ᠄
2017/7/10
ᠲᠣᠪᠴᠢ ᠨᠠᠮᠲᠠᠷ :    ᠰᠦᠩ ᠡᠾᠦ᠋ᠩ ᠪᠢᠨ᠂ ᠡᠷᠡᠭᠲᠡᠢ᠂ ᠬᠢᠲᠠᠳ ᠦᠨᠳᠦᠰᠦᠲᠡᠨ᠂ 1976 ᠣᠨ ᠤ 12 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠥᠨᠢᠳ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠢᠨ ᠲᠤᠰᠢᠶᠠᠯ ᠲᠠᠢ᠃ ᠦᠩᠭᠡᠷᠡᠭᠰᠡᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠥᠨᠢᠳ ᠪᠠᠷᠠᠭᠤᠨ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠰᠠᠯᠠᠭᠠᠨ ᠤ ᠲᠠᠰ ᠤᠨ ᠵᠣᠬᠢᠶᠠᠨ ᠪᠠᠶᠢᠭᠤᠯᠤᠭᠴᠢ᠂ ᠵᠣᠬᠢᠶᠠᠨ ᠪᠠᠶᠢᠭᠤᠯᠬᠤ ᠬᠡᠯᠲᠡᠰ ᠤᠨ ᠵᠣᠬᠢᠶᠠᠨ ᠪᠠᠶᠢᠭᠤᠯᠬᠤ ᠲᠠᠰᠤᠭ ᠤᠨ ᠡᠷᠬᠢᠯᠡᠭᠴᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠥᠨᠢᠳ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠬᠤᠰᠢᠭᠤᠨ ᠤ ᠨᠠᠮ ᠤᠨ ᠬᠤᠷᠢᠶᠠᠨ ᠤ ᠵᠢᠩᠬᠢᠨᠢ ᠰᠠᠯᠠᠭ᠎ᠠ ᠶᠢᠨ ᠲᠠᠰ ᠤᠨ ᠵᠣᠬᠢᠶᠠᠨ ᠪᠠᠶᠢᠭᠤᠯᠤᠭᠴᠢ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠥᠨᠢᠳ ᠪᠠᠷᠠᠭᠤᠨ ᠬᠤᠰᠢᠭᠤᠨ ᠤ ᠵᠢᠷᠦᠬᠡ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠨᠠᠮ ᠪᠠ ᠣᠯᠠᠨ ᠲᠦᠮᠡᠨ ᠤ ᠦᠶ᠋ᠯᠡᠴᠢᠯᠡᠭᠡᠨ ᠤ ᠲᠥᠪ ᠤᠨ ᠡᠷᠬᠢᠯᠡᠭᠴᠢ ᠶᠢᠨ ᠲᠤᠰᠢᠶᠠᠯ ᠨᠤᠭᠤᠳ ᠢ ᠡᠭᠦᠷᠭᠡᠯᠡᠵᠣ ᠪᠠᠶᠢᠵᠠᠢ᠃ᠠᠵᠢᠯ ᠤᠨ ᠬᠤᠪᠢᠶᠠᠷᠢᠯᠠᠯ᠄    ᠬᠤᠰᠢᠭᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠵᠢᠴᠢ ᠵᠢᠷᠦᠬᠡ ᠪᠠᠯᠭᠠᠰᠤᠨ ᠤ ᠨᠠᠮ ᠤᠨ ᠬᠤᠷᠢᠶᠠᠨ ᠤ ᠪᠥᠬᠦ ᠲᠠᠯ᠎ᠠ ᠶᠢᠨ ᠠᠵᠢᠯ ᠢ ᠡᠷᠭᠢᠯᠡᠨ᠎ᠡ︔ ᠨᠢᠭᠡᠳᠦᠮᠡᠯ ᠹᠷᠣᠨᠲ᠂ ᠦᠨᠳᠦᠰᠦᠲᠡᠨ᠂ ᠱᠠᠰᠢᠨ ᠰᠤᠷᠲᠠᠬᠤᠨ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠠᠵᠢᠯ ᠢ ᠬᠠᠷᠢᠭᠤᠴᠠᠨ᠎ᠠ︔ ᠬᠤᠰᠢᠭᠤᠨ ᠤ ᠱᠠᠰᠢᠨ ᠰᠤᠷᠲᠠᠬᠤᠨ ᠤ ᠲᠣᠪᠴᠢᠶ᠎ᠠ᠂ ᠦᠶ᠋ᠯᠡᠳᠪᠦᠷᠢ ᠬᠤᠳᠠᠯᠳᠤᠭᠠᠨ ᠤ ᠬᠤᠯᠪᠣᠭ᠎ᠠ᠂ ᠬᠠᠷᠢᠶᠠᠲᠤ ᠨᠠᠷ ᠤᠨ ᠠᠯᠪᠠᠨ ᠬᠡᠷ ᠢ ᠬᠤᠪᠢᠳᠠᠨ ᠬᠠᠮᠢᠶᠠᠷᠤᠨ᠎ᠠ︔ ᠬᠤᠰᠢᠭᠤᠨ ᠤ ᠦᠨᠳᠦᠰᠦᠲᠡᠨ ᠤ ᠵᠥᠪᠯᠡᠯ ᠲᠠᠢ ᠬᠠᠷᠢᠯᠴᠠᠨ᠎ᠠ᠃
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号