ᠼᠦᠩ ᠮᠸᠢ
ᠨᠡᠶᠢᠲᠡᠯᠡᠭᠰᠡᠨ ᠴᠠᠭ᠄
2017/7/10
ᠼᠦᠩ ᠮᠧᠢ ᠨᠥᠬᠦᠷ ᠤᠨ ᠲᠣᠪᠴᠢ ᠨᠠᠮᠲᠠᠷ᠄      ᠼᠦᠩ ᠮᠧᠢ᠂ ᠡᠮᠡᠭᠲᠡᠢ᠂ ᠮᠣᠩᠭᠤᠯ ᠦᠨᠳᠦᠰᠦᠲᠡᠨ᠂ 1981 ᠣᠨ ᠤ 12 ᠰᠠᠷ᠎ᠠ ᠳᠤ ᠲᠦᠷᠦᠵᠡᠢ᠂ ᠥᠪᠥᠷ ᠮᠣᠩᠭᠤᠯ ᠤᠨ ᠰᠥᠨᠢᠳ ᠪᠠᠷᠠᠭᠤᠨ ᠬᠤᠰᠢᠭᠤᠨ ᠤ ᠬᠥᠮᠥᠨ᠃ 2001 ᠣᠨ ᠤ 3 ᠰᠠᠷ᠎ᠠ ᠳᠤ ᠠᠵᠢᠯ ᠤᠨ ᠪᠠᠶᠢᠷᠢ ᠳᠤ ᠭᠠᠷᠴᠤ᠂ 2003 ᠣᠨ ᠤ 11 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠠᠢ᠂ 2010 ᠣᠨ ᠤ 12 ᠰᠠᠷ᠎ᠠ ᠳᠤ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠠᠤᠯᠢ ᠴᠠᠭᠠᠵᠠ ᠶᠢᠨ ᠲᠤᠰᠬᠠᠢ ᠮᠡᠷᠭᠡᠵᠢᠯ ᠠᠴᠠ ᠲᠡᠭᠦᠰᠴᠦ᠂  ᠥᠪᠡᠷ ᠢᠶᠠᠨ ᠰᠢᠯᠭᠠᠭᠤᠯᠤᠭᠰᠠᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ᠃      1998.09 ︱ 2000.07  ᠥᠪᠥᠷ ᠮᠣᠩᠭᠤᠯ ᠤᠨ ᠷᠠᠳᠢᠣ᠋ ᠲᠧᠯᠸᠢᠰ ᠤᠨ ᠶᠡᠭᠡ ᠰᠤᠷᠭᠠᠭᠤᠯᠢ ᠶᠢᠨ ᠬᠠᠤᠯᠢ ᠴᠠᠭᠠᠵᠠ ᠶᠢᠨ ᠲᠤᠰᠬᠠᠶ ᠮᠡᠷᠭᠡᠵᠢᠯ ᠳᠤ ᠰᠤᠷᠤᠯᠴᠠᠪᠠ  ᠃      2000.07 — 2001.03  ᠠᠵᠢᠯ ᠬᠤᠪᠢᠶᠠᠷᠯᠠᠬᠤ ᠶᠢ ᠬᠦᠯᠢᠶᠡᠪᠡ  ᠃      2001.03 ︱ 2002.03  ᠰᠥᠨᠢᠳ ᠪᠠᠷᠠᠭᠤᠨ ᠬᠤᠰᠢᠭᠤᠨ ᠤ ᠰᠠᠶᠢᠬᠠᠨᠲᠠᠯ᠎ᠠ ᠪᠠᠯᠭᠠᠰᠤᠨ ᠤ ᠤᠯᠠᠭᠠᠨ ᠨᠡᠶᠢᠭᠡᠮ ᠲᠤᠭᠤᠷᠢᠭ ᠲᠤ ᠠᠵᠢᠯᠯᠠᠵᠤ  ᠪᠠᠶᠢᠪᠠ᠃      2002.03 — 2004.02  ᠰᠥᠨᠢᠳ ᠪᠠᠷᠠᠭᠤᠨ ᠬᠤᠰᠢᠭᠤᠨ ᠤ ᠰᠠᠶᠢᠬᠠᠨᠲᠠᠯ᠎ᠠ ᠪᠠᠯᠭᠠᠰᠤᠨ ᠤ ᠲᠥᠯᠥᠪᠯᠡᠭᠡᠲᠦ ᠦᠷᠡᠵᠢᠯ ᠤᠨ ᠠᠯᠪᠠᠨ ᠭᠡᠷ ᠲᠤ ᠠᠵᠢᠯᠯᠠᠵᠤ ᠪᠠᠶᠢᠪᠠ᠃      2004.02 ︱ 2006.02  ᠰᠥᠨᠢᠳ ᠪᠠᠷᠠᠭᠤᠨ ᠬᠤᠰᠢᠭᠤᠨ ᠤ ᠰᠠᠶᠢᠬᠠᠨᠲᠠᠯ᠎ᠠ ᠪᠠᠯᠭᠠᠰᠤᠨ ᠤ ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠪᠠ᠃      2006.02 ︱ 2011.03  ᠰᠥᠨᠢᠳ ᠪᠠᠷᠠᠭᠤᠨ ᠬᠤᠰᠢᠭᠤᠨ ᠤ ᠡᠷᠢᠶᠡᠨᠨᠠᠭᠤᠷ ᠰᠤᠮᠤᠨ ᠤ ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠪᠠ ︵ᠡᠨᠡ ᠬᠤᠭᠤᠴᠠᠭᠠᠨ ᠳᠤ᠄ 2007.09 ︱ 2010.12 ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠠᠤᠯᠢ ᠴᠠᠭᠠᠵᠠ ᠶᠢᠨ ᠲᠤᠰᠬᠠᠶ ᠮᠡᠷᠭᠡᠵᠢᠯ ᠤᠨ ᠵᠢᠩᠬᠢᠨᠢ ᠠᠩᠭᠢ ᠳᠤ ᠥᠪᠡᠷ ᠢᠶᠠᠨ ᠰᠢᠯᠭᠠᠭᠤᠯᠤᠨ ᠰᠤᠷᠤᠯᠴᠠᠪᠠ︶᠃      2011.03 — 2013.03  ᠰᠥᠨᠢᠳ ᠪᠠᠷᠠᠭᠤᠨ ᠬᠤᠰᠢᠭᠤᠨ ᠤ ᠡᠷᠢᠶᠡᠨᠨᠠᠭᠤᠷ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠳᠠᠷᠤᠭ᠎ᠠ  ᠶᠢᠨ ᠲᠤᠰᠢᠶᠠᠯ ᠢ ᠬᠠᠷᠢᠭᠤᠴᠠᠵᠤ ᠪᠠᠶᠢᠪᠠ᠃      2013.03 ︱ 2016.11  ᠰᠥᠨᠢᠳ ᠪᠠᠷᠠᠭᠤᠨ ᠬᠤᠰᠢᠭᠤᠨ ᠤ ᠡᠷᠢᠶᠡᠨᠨᠠᠭᠤᠷ ᠰᠤᠮᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠶᠡᠷᠦᠩᠬᠡᠶᠢᠯᠡᠨ ᠵᠠᠰᠠᠬᠤ ᠵᠥᠪᠯᠡᠯ ᠤᠨ ᠡᠷᠬᠢᠯᠡᠭᠴᠢ ᠶᠢᠨ ᠳᠤᠰᠢᠶᠠᠯ ᠢ ᠬᠠᠷᠢᠭᠤᠴᠠᠵᠤ ᠪᠠᠶᠢᠪᠠ᠃      2016.11 ︱ 2017.10  ᠰᠥᠨᠢᠳ ᠪᠠᠷᠠᠭᠤᠨ ᠬᠤᠰᠢᠭᠤᠨ ᠤ ᠡᠷᠢᠶᠡᠨᠨᠠᠭᠤᠷ ᠰᠤᠮᠤᠨ ᠤ ᠨᠠᠮ ᠤᠨ ᠬᠤᠷᠢᠶᠠᠨ ᠤ ᠱᠦᠵᠢ᠂ ᠶᠡᠷᠦᠩᠬᠡᠶᠢᠯᠡᠨ ᠵᠠᠰᠠᠬᠤ ᠵᠥᠪᠯᠡᠯ ᠤᠨ ᠡᠷᠬᠢᠯᠡᠭᠴᠢ ᠤᠨ ᠲᠤᠰᠢᠶᠠᠯ ᠢ ᠬᠠᠷᠢᠭᠤᠴᠠᠵᠤ ᠪᠠᠶᠢᠪᠠ᠃      2017.10 ︱ 2017.12  ᠰᠥᠨᠢᠳ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠡᠷᠢᠶᠡᠨᠨᠠᠭᠤᠷ ᠰᠤᠮᠤᠨ ᠤ ᠨᠠᠮ ᠤᠨ ᠬᠤᠷᠢᠶᠠᠨ ᠤ ᠱᠦᠵᠢ᠂ ᠶᠡᠷᠦᠩᠬᠡᠶᠢᠯᠡᠨ ᠵᠠᠰᠠᠬᠤ ᠵᠥᠪᠯᠡᠯ ᠤᠨ ᠡᠷᠬᠢᠯᠡᠭᠴᠢ  ᠶᠢᠨ ᠲᠤᠰᠢᠶᠠᠯ ᠢ ᠬᠠᠷᠢᠭᠤᠴᠠᠵᠤ ᠪᠠᠶᠢᠪᠠ᠃      2017.12 ︱2020.04  ᠰᠥᠨᠢᠳ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ︵ᠡᠭᠦᠨ ᠳᠤ 2019 ᠣᠨ ᠤ 6 ᠰᠠᠷ᠎ᠠ ᠠᠴᠠ ᠪᠡᠭᠡᠵᠢᠩ ᠬᠤᠲᠠ ᠶᠢᠨ ᠳ᠋ᠠ ᠰᠢᠩ ᠲᠣᠭᠤᠷᠢᠭ ᠤᠨ ᠦᠢᠯᠡᠳᠪᠦᠷᠢᠯᠡᠯ ᠢ ᠠᠬᠢᠭᠤᠯᠬᠤ ᠦᠶᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠪᠡ ︶᠃      2020.04 — ᠤᠳᠤ ᠪᠤᠯᠳᠠᠯ᠎ᠠ   ᠰᠦᠨᠢᠳ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠨᠠᠮ  ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠤᠬᠠᠭᠤᠯᠬᠤ ᠬᠡᠯᠳᠡᠰ ᠤᠨ ᠳᠠᠷᠤᠭ᠎ᠠ᠂ ᠳᠡᠳ᠋ ᠬᠤᠰᠢᠭᠤ ᠳᠠᠷᠤᠭ᠎ᠠ  ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃ᠠᠵᠢᠯ ᠤᠨ ᠬᠤᠪᠢᠶᠠᠷᠢᠯᠠᠯ᠄      ᠨᠡᠶᠢᠭᠡᠮ ᠤᠨ ᠬᠥᠭᠵᠢᠯᠲᠡ ᠶᠢᠨ ᠬᠦᠷᠢᠶᠡᠨ ᠤ ᠬᠥᠮᠦᠨ ᠤ ᠬᠦᠴᠦᠨ ᠤ ᠡᠬᠢ ᠪᠠᠶᠠᠯᠢᠭ᠂ ᠨᠡᠶᠢᠭᠡᠮ ᠤᠨ ᠪᠠᠲᠤᠯᠠᠭ᠎ᠠ᠂ ᠡᠮᠴᠢᠯᠡᠭᠡᠨ ᠤ ᠪᠠᠲᠤᠯᠠᠭ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠲᠠᠯ᠎ᠠ ᠶᠢᠨ ᠠᠵᠢᠯ ᠢ ᠨᠢᠭᠡᠳᠦᠯᠲᠡᠶ ᠲᠥᠯᠥᠪᠯᠡᠨ᠎ᠡ᠃ ᠬᠤᠰᠢᠭᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠣᠶᠣᠯ ᠲᠠᠮᠢᠷ ᠤᠨ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ︶᠂ ᠡᠮ ᠡᠮᠨᠡᠯᠭᠡ ᠶᠢᠨ ᠪᠠᠳᠤᠯᠠᠭ᠎ᠠ ᠶᠢᠨ ᠲᠣᠪᠴᠢᠶ᠎ᠠ᠂ ᠬᠥᠳᠡᠯᠮᠦᠷᠢ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠪᠴᠢᠶ᠎ᠠ᠂ ᠨᠡᠶᠢᠭᠡᠮ ᠤᠨ ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号