ᠲᠠᠩ ᠸᠧᠨ ᠱᠧᠩ
ᠨᠡᠶᠢᠲᠡᠯᠡᠭᠰᠡᠨ ᠴᠠᠭ᠄
2017/7/10
ᠲᠣᠪᠴᠢ ᠨᠠᠮᠲᠠᠷ      ᠦᠨᠡᠨᠴᠢ᠂ ᠡᠮᠡᠭᠲᠡᠢ᠂ ᠮᠣᠩᠭᠤᠯ ᠦᠨᠳᠦᠰᠦᠲᠡᠨ᠂ ᠶᠡᠭᠡ ᠰᠤᠷᠭᠠᠭᠤᠯᠢ ᠶᠢᠨ ᠰᠣᠶᠣᠯ ᠤᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠥᠪᠥᠷ ᠮᠣᠩᠭᠤᠯ ᠤᠨ ᠲᠦᠩᠯᠢᠶᠣᠤ ᠬᠤᠲᠠ ᠶᠢᠨ ᠬᠥᠮᠦᠨ ᠃ 1981 ᠣᠨ ᠤ 10 ᠰᠠᠷ᠎ᠠ ᠳᠤ ᠠᠵᠢᠯ ᠤᠨ ᠪᠠᠶᠢᠷᠢ ᠳᠤ ᠭᠠᠷᠴᠤ᠂ 1996 ᠣᠨ ᠤ 3 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠃      1981.10 — 1997.5  ᠰᠥᠨᠢᠳ ᠪᠠᠷᠠᠭᠤᠨ ᠬᠤᠰᠢᠭᠤᠨ ᠤ ᠡᠪᠯᠡᠯ ᠤᠨ ᠬᠤᠷᠢᠶᠠᠨ ᠳᠤ ᠠᠵᠢᠯᠯᠠᠵᠤ ᠪᠠᠶᠢᠪᠠ  ᠃      1997.5 — 1998.10  ᠰᠥᠨᠢᠳ ᠪᠠᠷᠠᠭᠤᠨ ᠬᠤᠰᠢᠭᠤᠨ ᠤ ᠡᠪᠯᠡᠯ ᠤᠨ ᠬᠤᠷᠢᠶᠠᠨ ᠤ ᠳᠡᠳ᠋ ᠱᠦᠵᠢ ᠶᠢᠨ ᠲᠤᠰᠢᠶᠠᠯ ᠢ ᠬᠠᠷᠢᠭᠤᠴᠠᠪᠠ᠃      1998.10 — 2002.6  ᠰᠥᠨᠢᠳ ᠪᠠᠷᠠᠭᠤᠨ ᠬᠤᠰᠢᠭᠤᠨ ᠤ ᠡᠪᠯᠡᠯ ᠤᠨ ᠬᠤᠷᠢᠶᠠᠨ ᠤ ᠱᠦᠵᠢ ᠶᠢᠨ ᠲᠤᠰᠢᠶᠠᠯ ᠢ ᠬᠠᠷᠢᠭᠤᠴᠠᠪᠠ᠃      2002.6 — 2004.9  ᠰᠥᠨᠢᠳ ᠪᠠᠷᠠᠭᠤᠨ ᠬᠤᠰᠢᠭᠤᠨ ᠤ ᠰᠠᠶᠢᠬᠠᠨᠲᠠᠯ᠎ᠠ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠪᠠ᠃      2004.9 — 2006.3  ᠰᠥᠨᠢᠳ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠳᠡᠳ᠋ ᠡᠷᠬᠢᠯᠡᠭᠴᠢ᠂ ᠬᠦᠯᠢᠶᠡᠨ ᠠᠪᠬᠤ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠪᠠ᠃      2006.3 — ᠤᠳᠤ ᠪᠣᠯᠲᠠᠯ᠎ᠠ  ᠰᠥᠨᠢᠳ ᠪᠠᠷᠠᠭᠤᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ  ᠤᠨ ᠲᠡᠷᠢᠭᠦᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠪᠠ᠃      2013 ᠣᠨ ᠤ 1 ᠰᠠᠷ᠎ᠠ ᠳᠤ   ᠰᠥᠨᠢᠳ ᠪᠠᠷᠠᠭᠤᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠷ ᠰᠣᠩᠭᠤᠭᠳᠠᠪᠠ᠃ ᠠᠵᠢᠯ ᠶᠢᠨ ᠬᠤᠪᠢᠶᠠᠷᠢᠯᠠᠯ      ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠡᠷᠬᠢᠯᠡᠭᠴᠢ ᠶᠢᠨ ᠠᠵᠢᠯ ᠢ ᠬᠠᠪᠰᠤᠷᠴᠤ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠰᠣᠶᠣᠯ᠂ ᠡᠷᠡᠭᠦᠯ ᠬᠠᠮᠠᠭᠠᠯᠠᠯ᠂ ᠬᠠᠷᠢᠶᠠᠲᠤ ᠠᠷᠠᠳ ᠤᠨ ᠠᠵᠢᠯ ᠤᠨ ᠵᠥᠪᠯᠡᠯ ᠢ ᠬᠤᠪᠢᠳᠠᠨ ᠬᠠᠮᠢᠶᠠᠷᠤᠨ᠎ᠠ᠃ ᠰᠤᠷᠭᠠᠨ ᠬᠥᠮᠦᠵᠢᠯ᠂ ᠰᠣᠶᠣᠯ ᠪᠡᠶ᠎ᠡ ᠶᠢᠨ ᠲᠠᠮᠢᠷ᠂ ᠵᠢᠭᠤᠯᠴᠢᠯᠠᠯ᠂ ᠷᠠᠳᠢᠣ᠋ ᠲᠧᠯᠸᠢᠰ᠂  ᠡᠮᠴᠢᠯᠡᠭᠡ ᠪᠠ ᠡᠷᠡᠭᠦᠯ ᠬᠠᠮᠠᠭᠠᠯᠠᠯ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ᠂ ᠦᠨᠳᠦᠰᠦᠲᠡᠨ ᠤ ᠬᠡᠷᠡᠭ ᠶᠠᠪᠤᠳᠠᠯ᠂ ᠬᠠᠷᠢᠶᠠᠲᠤ ᠠᠷᠠᠳ ᠤᠨ ᠶᠠᠪᠤᠳᠠᠯ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ᠂ ᠭᠠᠳᠠᠭᠠᠳᠤ ᠶᠠᠪᠤᠳᠠᠯ ᠵᠡᠷᠭᠡ ᠲᠠᠯ᠎ᠠ ᠶᠢᠨ ᠠᠵᠢᠯ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ 731 ᠷᠠᠳᠢᠣ᠋ ᠬᠤᠷᠢᠶ᠎ᠠ ᠲᠠᠢ ᠬᠤᠯᠪᠣᠭ᠎ᠠ ᠪᠠᠷᠢᠨ᠎ᠠ᠃
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号