ᠨᠠᠰᠤᠲᠦ
ᠨᠡᠶᠢᠲᠡᠯᠡᠭᠰᠡᠨ ᠴᠠᠭ᠄
2017/7/10
ᠲᠣᠪᠴᠢ ᠨᠠᠮᠲᠠᠷ      ᠨᠠᠰᠤᠲᠤ᠂ ᠡᠷᠡᠭᠲᠡᠶ᠂ ᠮᠣᠩᠭᠤᠯ ᠦᠨᠳᠦᠰᠦᠲᠡᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ 1989 ᠣᠨ ᠤ 8 ᠰᠠᠷ᠎ᠠ ᠳᠤ ᠠᠵᠢᠯ ᠳᠤ ᠭᠠᠷᠴᠤ  ᠂ 1998 ᠣᠨ ᠤ 8 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠃      1989.8 — 1994.7  ᠰᠥᠨᠢᠳ ᠪᠠᠷᠠᠭᠤᠨ ᠬᠤᠰᠢᠭᠤᠨ ᠤ ᠮᠣᠩᠭᠤᠯ ᠦᠨᠳᠦᠰᠦᠲᠡᠨ ᠤ ᠬᠤᠶᠠᠳᠤᠭᠠᠷ ᠳᠤᠮᠳᠠᠳᠤ ᠰᠤᠷᠭᠠᠭᠤᠯᠢ ᠳᠤ ᠪᠠᠭᠰᠢᠯᠠᠵᠤ᠂ ᠡᠪᠯᠡᠯ ᠤᠨ ᠶᠡᠷᠦᠩᠬᠡᠶ ᠡᠭᠦᠷ ᠤᠨ ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠪᠠ᠃      1994.8 — 1999.7  ᠰᠥᠨᠢᠳ ᠪᠠᠷᠠᠭᠤᠨ ᠬᠤᠰᠢᠭᠤᠨ ᠤ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠳᠤ ᠪᠠᠭᠰᠢᠯᠠᠵᠤ᠂ ᠵᠢᠭᠠᠨ ᠰᠤᠷᠭᠠᠬᠤ ᠭᠠᠵᠠᠷ ᠤᠨ ᠳᠡᠳ᠋ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠪᠠ᠃      1998.8 — 2002.5  ᠰᠥᠨᠢᠳ ᠪᠠᠷᠠᠭᠤᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶᠠᠨ ᠤ ᠵᠢᠭᠠᠨ ᠰᠤᠳᠤᠯᠬᠤ ᠳᠠᠰᠤᠭ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ  ᠂ ᠡᠨᠡ ᠬᠤᠭᠤᠴᠠᠭᠠᠨ ᠳᠤ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠮᠣᠩᠭᠤᠯ  ᠬᠡᠯᠡᠨ ᠤ ᠰᠠᠯᠪᠤᠷᠢ ᠳᠤ ᠰᠤᠷᠤᠯᠴᠠᠪᠠ᠃      2002.6 — 2006.3  ᠰᠥᠨᠢᠳ ᠪᠠᠷᠠᠭᠤᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠲᠣᠪᠴᠢᠶᠠᠨ ᠳᠠᠷᠤᠭ᠎ᠠ ᠶᠢᠨ ᠲᠤᠰᠢᠶᠠᠯ ᠢ ᠬᠠᠷᠢᠭᠤᠴᠠᠪᠠ᠃      2006.4 — 2008.2  ᠰᠥᠨᠢᠳ ᠪᠠᠷᠠᠭᠤᠨ ᠬᠤᠰᠢᠭᠤᠨ ᠤ ᠰᠣᠶᠣᠯ ᠲᠠᠮᠢᠷ ᠷᠠᠳᠢᠣ᠋ ᠲᠧᠯᠸᠢᠰ ᠵᠢᠭᠤᠯᠴᠢᠯᠠᠯ ᠤᠨ ᠲᠣᠪᠴᠢᠶᠠᠨ ᠤ ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠪᠠ᠃      2008.2 — 2011.9  ᠰᠥᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠪᠠ᠃      2011.9 — 2014.12  ᠰᠥᠨᠢᠳ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ  ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠪᠠ᠃      2014.12 — 2019.6  ᠰᠥᠨᠢᠳ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠢᠨ ᠲᠤᠰᠢᠶᠠᠯ ᠢ ᠬᠠᠷᠢᠭᠤᠴᠠᠪᠠ᠃      2019.6 — ᠣᠲᠣ ᠪᠣᠯᠲᠠᠯ᠎ᠠ  ᠰᠥᠨᠢᠳ ᠪᠠᠷᠠᠭᠤᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ  ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ  ᠤᠨ ᠲᠤᠰᠢᠶᠠᠯ ᠢ ᠬᠠᠷᠢᠭᠤᠴᠠᠵᠤ ᠪᠠᠶᠢᠨ᠎ᠠ᠃ᠠᠵᠢᠯ ᠶᠢᠨ ᠬᠤᠪᠢᠶᠠᠷᠢᠯᠠᠯ      ᠤᠯᠤᠰ ᠲᠦᠷᠦ ᠶᠢᠨ ᠵᠥᠪᠯᠡᠯᠭᠡᠨ ᠤ ᠪᠦᠬᠦ ᠲᠠᠯ᠎ᠠ ᠶᠢᠨ ᠠᠵᠢᠯ ᠢ ᠭᠤᠣᠯᠯᠠᠨ ᠡᠷᠬᠢᠯᠡᠨ᠎ᠡ᠃
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号