ᠦᠨᠡᠨᠴᠢ
ᠨᠡᠶᠢᠲᠡᠯᠡᠭᠰᠡᠨ ᠴᠠᠭ᠄
2017/7/10
ᠲᠣᠪᠴᠢ ᠨᠠᠮᠲᠠᠷ ᠼᠠᠢ ᠴᠢᠤᠸᠠᠨ᠂ ᠡᠷᠡᠭᠲᠡᠶ᠂ ᠮᠣᠩᠭᠤᠯ ᠦᠨᠳᠦᠰᠦᠲᠡᠨ᠂ ᠥᠪᠥᠷ ᠮᠣᠩᠭᠤᠯ ᠤᠨ ᠵᠠᠯᠠᠶᠢᠳ ᠬᠤᠰᠢᠭᠤᠨ ᠤ ᠬᠥᠮᠦᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ 1986 ᠣᠨ ᠤ 8 ᠰᠠᠷ᠎ᠠ ᠳᠤ ᠠᠵᠢᠯ ᠤᠨ ᠪᠠᠶᠢᠷᠢ ᠳᠤ ᠭᠠᠷᠪᠠ  ᠃      1982.9 — 1986.8  ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠳᠡᠭᠡᠳᠦ ᠰᠤᠷᠭᠠᠭᠤᠯᠢ ᠳᠤ ᠰᠤᠷᠤᠯᠴᠠᠪᠠ᠃      1986.8 — 1988.1  ᠠᠪᠠᠭ᠎ᠠ ᠬᠤᠰᠢᠭᠤᠨ ᠤ ᠵᠠᠰᠠᠭ ᠤᠨ ᠣᠷᠳᠣᠨ ᠤ ᠣᠷᠣᠨ ᠬᠤᠪᠢᠶᠠᠷᠢ ᠶᠢᠨ ᠠᠯᠪᠠᠨ ᠬᠡᠷ ᠲᠤ ᠠᠵᠢᠯᠯᠠᠪᠠ  ᠃      1988.1 — 1991.8  ᠰᠥᠨᠢᠳ ᠪᠠᠷᠠᠭᠤᠨ ᠬᠤᠰᠢᠭᠤᠨ ᠤ ᠨᠤᠲᠤᠭ ᠪᠡᠯᠴᠢᠭᠡᠷ ᠤᠨ ᠬᠢᠨᠠᠨ ᠬᠠᠮᠢᠶᠠᠷᠬᠤ ᠭᠠᠵᠠᠷ ᠲᠤ ᠠᠵᠢᠯᠯᠠᠪᠠ  ᠃      1991.8 — 1997.5  ᠰᠥᠨᠢᠳ ᠪᠠᠷᠠᠭᠤᠨ ᠬᠤᠰᠢᠭᠤᠨ ᠤ ᠪᠠᠶᠠᠨᠵᠢᠷᠦᠬᠡ ᠰᠤᠮᠤᠨ ᠳᠤ ᠠᠵᠢᠯᠯᠠᠵᠤ᠂ 1991 ᠣᠨ ᠤ 8 ᠰᠠᠷ᠎ᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠳᠡᠳ᠋ ᠰᠤᠮᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ᠂ 1994 ᠣᠨ ᠤ 1 ᠰᠠᠷ᠎ᠠ ᠳᠤ ᠰᠤᠮᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠪᠠ  ᠃      1997.5 — 2002.6  ᠰᠥᠨᠢᠳ ᠪᠠᠷᠠᠭᠤᠨ ᠬᠤᠰᠢᠭᠤᠨ ᠤ ᠮᠠᠯ ᠠᠵᠤ ᠠᠬᠤᠶ ᠶᠢᠨ ᠮᠠᠰᠢᠨ ᠮᠧᠬᠠᠨᠢᠭ ᠤᠨ ᠲᠣᠪᠴᠢᠶᠠᠨ ᠤ ᠳᠠᠷᠤᠭ᠎ᠠ ᠶᠢᠨ  ᠲᠤᠰᠢᠶᠠᠯ ᠢ ᠬᠠᠷᠢᠭᠤᠴᠠᠪᠠ᠃      2000.4 — 2000.11  ᠰᠢᠯᠢ ᠶᠢᠨ ᠭᠤᠤᠯ ᠠᠶᠢᠮᠠᠭ ᠤᠨ ᠡᠳ᠋ ᠤᠨ ᠵᠠᠰᠠᠭ ᠤᠨ ᠲᠣᠪᠴᠢᠶᠠᠨ ᠳᠤ ᠲᠣᠪᠴᠢᠶᠠᠨ ᠳᠠᠷᠤᠭ᠎ᠠ ᠶᠢᠨ ᠲᠤᠰᠠᠯᠠᠭᠴᠢ ᠪᠣᠯᠵᠣ  ᠳᠠᠪᠲᠠᠨ ᠪᠣᠯᠪᠠᠰᠤᠷᠠᠪᠠ᠃      2002.6 — 2004.3  ᠰᠥᠨᠢᠳ ᠪᠠᠷᠠᠭᠤᠨ ᠬᠤᠰᠢᠭᠤᠨ ᠤ ᠮᠠᠯ ᠠᠵᠤ ᠠᠬᠤᠶ ᠶᠢᠨ ᠲᠣᠪᠴᠢᠶᠠᠨ ᠤ ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠪᠠ᠃      2004.3 — 2007.12  ᠰᠥᠨᠢᠳ ᠪᠠᠷᠠᠭᠤᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ ᠶᠢᠨ ᠲᠤᠰᠢᠶᠠᠯ ᠢ ᠬᠠᠷᠢᠭᠤᠴᠠᠪᠠ᠃        2007.12 — 2013.1  ᠰᠥᠨᠢᠳ ᠪᠠᠷᠠᠭᠤᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠪᠠ᠃        2013.1 — 2018.1  ᠰᠥᠨᠢᠳ ᠪᠠᠷᠠᠭᠤᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠪᠠ᠃        2018.2 — ᠣᠲᠣ ᠪᠣᠯᠲᠠᠯ᠎ᠠ  ᠰᠥᠨᠢᠳ ᠪᠠᠷᠠᠭᠤᠨ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠲᠤᠰᠢᠶᠠᠯ ᠢ  ᠬᠠᠷᠢᠭᠤᠴᠠᠵᠤ ᠪᠠᠶᠢᠨ᠎ᠠ᠃  ᠠᠵᠢᠯ ᠶᠢᠨ ᠬᠤᠪᠢᠶᠠᠷᠢᠯᠠᠯ      ᠲᠡᠷᠢᠭᠦᠯᠡᠭᠴᠢ ᠶᠢᠨ ᠠᠵᠢᠯ ᠢ ᠬᠠᠪᠰᠤᠷᠴᠤ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠨᠡᠶᠢᠭᠡᠮ ᠤᠨ ᠬᠠᠤᠯᠢ ᠳᠦᠷᠢᠮ ᠤᠨ ᠺᠣᠮᠢᠰ ᠤᠨ ᠠᠵᠢᠯ ᠢ ᠬᠤᠪᠢᠳᠠᠨ ᠬᠠᠮᠢᠶᠠᠷᠤᠨ᠎ᠠ᠃ ᠤᠯᠤᠰ ᠲᠥᠷᠥ ᠶᠢᠨ ᠵᠥᠪᠯᠡᠯᠭᠡᠨ ᠤ ᠰᠤᠮᠤ ᠪᠠᠯᠭᠠᠰᠤ ᠶᠢᠨ ᠬᠤᠯᠪᠣᠭ᠎ᠠ ᠠᠪᠬᠤ ᠠᠯᠪᠠᠨ ᠭᠡᠷ᠂ ᠨᠢᠭᠡᠳᠦᠮᠡᠯ ᠹᠷᠣᠨᠲ ᠤᠨ ᠬᠡᠯᠲᠡᠰ᠂ ᠣᠷᠣᠨ ᠲᠣᠭᠠᠨ ᠤ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠬᠢᠨᠠᠨ ᠪᠣᠳᠣᠬᠤ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠨᠢᠭᠤᠴᠠ ᠶᠢ ᠬᠠᠮᠠᠭᠠᠯᠠᠬᠤ ᠲᠣᠪᠴᠢᠶ᠎ᠠ᠂ ᠵᠠᠬᠢᠳᠠᠯ ᠰᠤᠷᠪᠤᠯᠵᠢᠯᠠᠭ᠎ᠠ ᠤᠨ ᠲᠣᠪᠴᠢᠶ᠎ᠠ᠂ ᠠᠮᠤᠷ ᠲᠦᠪᠰᠢᠨ ᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠨᠠᠪᠴᠢᠨ ᠲᠠᠮᠠᠬᠢᠨ ᠤ ᠲᠣᠪᠴᠢᠶ᠎ᠠ᠂ ᠲᠥᠪ ᠤᠨ ᠨᠥᠭᠡᠴᠡ ᠠᠮᠤ ᠶᠢᠨ ᠰᠢᠯᠢ ᠶᠢᠨ ᠭᠤᠤᠯ ᠤᠨ ᠭᠤᠤᠯ ᠤᠨ ᠰᠢᠭᠤᠳ ᠬᠠᠷᠢᠶ᠎ᠠ ᠬᠥᠮᠥᠷᠭᠡ᠂ ᠷᠠᠳᠢᠣ᠋ ᠲᠧᠯᠸᠢᠰ ᠲᠣᠤᠷ ᠰᠦᠯᠵᠢᠶ᠎ᠡ ᠶᠢᠨ ᠺᠣᠮᠫᠠᠨᠢ᠂ 731ᠷᠠᠳᠢᠣ᠋ ᠲᠠᠢ ᠬᠤᠯᠪᠣᠭ᠎ᠠ ᠠᠪᠤᠨ᠎ᠠ᠃  ᠱᠠᠰᠢᠨ ᠰᠤᠷᠲᠠᠬᠤᠨ ᠤ ᠡᠲᠡᠭᠡᠳ᠂ ᠳᠤᠮᠳᠠᠳᠤ ᠶᠢᠨ ᠬᠠᠷᠢᠶᠠᠲᠤ ᠪᠠ ᠬᠠᠷᠢᠶᠠᠲᠤ ᠨᠠᠷ ᠤᠨ ᠭᠡᠷ ᠪᠦᠯᠢ᠂ ᠴᠥᠭᠡᠨ ᠲᠣᠭᠠᠲᠤ ᠦᠨᠳᠦᠰᠦᠲᠡᠨ ᠤ ᠡᠲᠡᠭᠡᠳ᠂ ᠣᠨᠴᠠ ᠤᠷᠢᠭᠰᠠᠨ ᠡᠲᠡᠭᠡᠳ ᠲᠠᠢ ᠬᠤᠯᠪᠣᠭ᠎ᠠ ᠪᠠᠷᠢᠨ᠎ᠠ᠃
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号