ᠪᠠᠨ ᠵᠢᠶᠠᠨ ᠶᠢᠩ
ᠨᠡᠶᠢᠲᠡᠯᠡᠭᠰᠡᠨ ᠴᠠᠭ᠄
2017/7/10
ᠲᠣᠪᠴᠢ ᠨᠠᠮᠲᠠᠷ      ᠨᠠᠰᠤᠨ᠋ᠥ᠌ᠯᠵᠡᠢ᠂ ᠡᠷᠡᠭᠲᠡᠶ᠂ ᠮᠣᠩᠭᠤᠯ ᠦᠨᠳᠦᠰᠦᠲᠡᠨ᠂ ᠥᠪᠥᠷ ᠮᠣᠩᠭᠤᠯ ᠤᠨ ᠬᠦᠷᠢᠶ᠎ᠡ ᠬᠤᠰᠢᠭᠤᠨ ᠤ ᠬᠥᠮᠥᠨ᠃ 1982 ᠣᠨ ᠤ 1 ᠰᠠᠷ᠎ᠠ ᠳᠤ ᠠᠵᠢᠯ ᠤᠨ ᠪᠠᠶᠢᠷᠢ ᠳᠤ ᠭᠠᠷᠴᠤ᠂ 1992 ᠣᠨ ᠤ 12 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠃      1982.1 — 1985.9  ᠥᠪᠥᠷ ᠮᠣᠩᠭᠤᠯ ᠤᠨ ᠬᠦᠷᠢᠶ᠎ᠡ ᠬᠤᠰᠢᠭᠤᠨ ᠤ  ᠲᠡᠷᠢᠭᠦᠨ ᠤ ᠨᠢᠭᠡᠳᠦᠯ ᠤᠨ ᠰᠤᠷᠭᠠᠭᠤᠯᠢ ᠳᠤ ᠪᠠᠭᠰᠢᠯᠠᠪᠠ︔      1985.9 — 1989.7  ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠯᠤᠰ ᠲᠥᠷᠥ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠳᠤ ᠰᠤᠷᠤᠯᠴᠠᠪᠠ  ᠃      1989.7 — 1995.4  ᠰᠥᠨᠢᠳ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠠᠵᠢᠯᠯᠠᠪᠠ᠃      1995.4 — 1999.9  ᠰᠥᠨᠢᠳ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠤ ᠠᠵᠢᠯᠯᠠᠵᠤ᠂ 1997 ᠣᠨ ᠤ 5 ᠰᠠᠷ᠎ᠠ ᠳᠤ ᠬᠤᠰᠢᠭᠤᠨ ᠤ ᠨᠠᠮ ᠤᠨ ᠬᠤᠷᠢᠶᠠᠨ ᠤ  ᠵᠣᠬᠢᠶᠠᠨ ᠪᠠᠶᠢᠭᠤᠯᠬᠤ ᠭᠡᠰᠢᠭᠦᠨ ᠪᠣᠯᠪᠠ᠃      1999.9 — 2002 .6  ᠰᠥᠨᠢᠳ ᠪᠠᠷᠠᠭᠤᠨ ᠬᠤᠰᠢᠭᠤᠨ ᠤ ᠬᠢᠨᠠᠨ ᠪᠠᠶᠢᠴᠠᠭᠠᠬᠤ  ᠲᠣᠪᠴᠢᠶᠠᠨ ᠤ ᠳᠡᠳ᠋ ᠳᠠᠷᠤᠭ᠎ᠠ ᠶᠢᠨ  ᠲᠤᠰᠢᠶᠠᠯ ᠢ ᠬᠠᠷᠢᠭᠤᠴᠠᠪᠠ᠃      2002.6 — 2013.1  ᠰᠥᠨᠢᠳ ᠪᠠᠷᠠᠭᠤᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ 2004 ᠣᠨ ᠤ 3 ᠰᠠᠷ᠎ᠠ ᠳᠤ ᠬᠢᠨᠠᠨ ᠪᠠᠶᠢᠴᠠᠭᠠᠬᠤ ᠲᠣᠪᠴᠢᠶᠠᠨ ᠤ ᠳᠠᠷᠤᠭ᠎ᠠ᠂ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠤ ᠲᠤᠰᠢᠶᠠᠯ ᠢ ᠬᠠᠪᠰᠤᠷᠭᠠᠨ ᠬᠠᠷᠢᠭᠤᠴᠠᠪᠠ᠃      2013 ᠣᠨ ᠤ 1 ᠰᠠᠷ᠎ᠠ ᠳᠤ   ᠰᠥᠨᠢᠳ ᠪᠠᠷᠠᠭᠤᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠷ ᠰᠣᠩᠭᠤᠭᠳᠠᠪᠠ᠃ ᠠᠵᠢᠯ ᠶᠢᠨ ᠬᠤᠪᠢᠶᠠᠷᠢᠯᠠᠯ      ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠡᠷᠬᠢᠯᠡᠭᠴᠢ ᠶᠢᠨ ᠠᠵᠢᠯ ᠢ ᠬᠠᠪᠰᠤᠷᠴᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ  ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠠᠯᠪᠠᠨ ᠭᠡᠷ᠂ ᠳᠣᠲᠣᠭᠠᠳᠤ ᠶᠠᠪᠤᠳᠠᠯ ᠤᠨ ᠬᠠᠤᠯᠢ ᠴᠠᠭᠠᠵᠠ ᠶᠢᠨ ᠠᠵᠢᠯ ᠤᠨ ᠵᠥᠪᠯᠡᠯ ᠢ ᠬᠤᠪᠢᠳᠠᠨ ᠬᠠᠮᠢᠶᠠᠷᠤᠨ᠎ᠠ᠃ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠬᠢᠨᠠᠨ  ᠪᠣᠳᠤᠬᠤ᠂ ᠲᠤᠭ᠎ᠠ ᠪᠦᠷᠢᠳᠬᠡᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠵᠠᠬᠢᠳᠠᠯ ᠰᠣᠷᠪᠤᠯᠵᠢᠯᠠᠭ᠎ᠠ ᠵᠡᠷᠭᠡ ᠲᠠᠯ᠎ᠠ ᠶᠢᠨ ᠠᠵᠢᠯ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号