︽ᠤᠯᠠᠭᠠᠨᠮᠦ᠋ᠴᠢᠷ︾ ᠬᠡᠮᠡᠬᠦ ᠪᠠᠷᠢᠮᠳᠠᠳᠤ ᠺᠢᠨᠣ᠋ ᠦᠪᠦᠷ ᠮᠤᠩᠭᠤᠯ ᠤᠨ ᠲᠧᠯᠸᠢᠰ ᠬᠤᠷᠢᠶ᠎ᠠ ᠪᠠᠷ ᠲᠠᠮᠵᠢᠨ ᠦᠵᠡᠭᠴᠢ ᠲᠦᠮᠡᠨ ᠲᠠᠢ ᠵᠤᠯᠭᠠᠯ᠎ᠠ
ᠨᠡᠶᠢᠲᠡᠯᠡᠭᠰᠡᠨ ᠴᠠᠭ᠄
2018/5/16
5 ᠰᠠᠷ᠎ᠠ ᠶᠢᠨ 11᠎ ᠤ ᠡᠳᠦᠷ ᠤᠨ 22᠄ 00᠎ ᠲᠤ᠂ ᠬᠤᠰᠢᠭᠤ ᠤᠯᠠᠭᠠᠨᠮᠦᠴᠢᠷ ᠤᠨ ᠬᠡᠰᠢᠬᠦᠳ ᠬᠠᠮᠳᠤᠪᠠᠷ ᠬᠠᠰᠠᠳᠠᠨ᠎ᠠ ᠶᠢᠨ ᠳᠤ ᠴᠤᠭᠯᠠᠴᠠᠭᠠᠨ᠂ ᠲᠧᠯᠸᠢᠰ ᠢᠶᠠᠨ ᠰᠢᠷᠳᠡᠨ ︽ᠤᠯᠠᠭᠠᠨᠮᠦ᠋ᠴᠢᠷ︾ ᠪᠠᠷᠢᠮᠳᠠᠳᠤ ᠺᠢᠨᠣ᠋ ᠶᠢ ᠠᠮᠳᠠᠷᠬᠠᠨ ᠰᠤᠨᠢᠷᠬᠠᠴᠠᠭᠠᠨ᠎ᠠ᠃ᠲᠤᠰ ᠫᠷᠤᠭ᠍ᠷᠠᠮ ᠪᠤᠯ ᠤᠯᠠᠭᠠᠨᠮᠦ᠋ᠴᠢᠷ ᠤᠨ 60 ᠵᠢᠯ ᠤᠨ ᠲᠤᠷᠰᠢᠬᠢ ᠡᠰᠡᠨᠢᠯ ᠭᠦᠭᠵᠢᠯ ᠢ ᠬᠠᠷᠠᠭᠤᠯᠤᠭᠰᠠᠨ ᠪᠠᠷᠢᠮᠳᠠᠳᠤ ᠺᠢᠨᠣ᠋ ᠪᠠᠶᠢᠵᠦ᠂ ᠰᠦᠨᠢᠳ ᠪᠠᠷᠠᠭᠤᠨ ᠬᠤᠰᠢᠭᠤᠨ ᠤ ᠨᠠᠮ ᠤᠨ ᠬᠤᠷᠢᠶ᠎ᠠ᠂ ᠵᠠᠰᠭ ᠤᠨ ᠤᠷᠳᠤᠨ ᠨᠢ ᠪᠤᠳᠠᠳᠤ ᠦᠢᠯᠡ ᠠᠵᠢᠯᠯᠠᠭ᠎ᠠ ᠪᠠᠷ ᠪᠠᠨ ᠰᠢ ᠶᠢᠨ ᠫᠢᠩ ᠶᠡᠷᠦᠩᠬᠡᠢ ᠱᠦᠵᠢ ᠶᠢᠨ ᠮᠠᠨ ᠤ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠲᠤ ᠬᠠᠷᠢᠭᠤ ᠵᠠᠬᠢᠳᠠᠯ ᠢᠯᠡᠬᠡᠭᠰᠡᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠪᠠ ᠰᠢ ᠶᠢᠨ ᠫᠢᠩ ᠶᠡᠷᠦᠩᠬᠡᠢ ᠱᠦᠵᠢ ᠶᠢᠨ ᠤᠳᠬ᠎ᠠ ᠤᠷᠠᠯᠢᠭ ᠤᠨ ᠠᠵᠢᠯ ᠤᠨ ᠰᠠᠭᠤᠳᠠᠯ ᠤᠨ ᠬᠤᠷᠠᠯ ᠲᠡᠭᠡᠷᠡᠬᠢ ᠵᠢᠭᠠᠪᠤᠷᠢ ᠶᠢᠨ ᠵᠤᠷᠢᠭ ᠰᠠᠨᠠᠭ᠎ᠠ ᠶᠢ ᠦᠢᠯᠡᠳᠦᠯᠬᠡᠵᠢᠬᠦᠯᠵᠦ ᠪᠠᠶᠢᠭ᠎ᠠ ᠪᠢᠯᠡ᠃ ᠰᠤᠶᠤᠯ ᠤᠨ ᠤᠷᠳᠤᠨ᠂ ᠦᠪᠦᠷ ᠮᠤᠩᠭᠤᠯ ᠤᠨ ᠲᠧᠯᠸᠢᠰ ᠬᠤᠷᠢᠶ᠎ᠠ ᠲᠤᠮᠳᠠᠳᠤ ᠤᠯᠤᠰ ᠤᠨ ᠡᠪ ᠬᠠᠮᠳᠤ ᠨᠠᠮ ᠤᠨ ᠰᠦᠨᠢᠳ ᠪᠠᠷᠠᠭᠤᠨ ᠬᠤᠰᠢᠭᠤᠨ ᠎ ᠤ ᠬᠤᠷᠢᠶ᠎ᠠ᠂ ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠬᠠᠮᠳᠤᠷᠠᠨ ᠭᠤᠷᠪᠠᠨ ᠵᠢᠯ ᠤᠨ ᠴᠠᠭ ᠵᠠᠷᠤᠴᠠᠭᠤᠯᠤᠨ ᠲᠤᠰ ᠪᠠᠷᠢᠮᠳᠠᠳᠤ ᠺᠢᠨᠣ᠋ ᠶᠢ ᠰᠡᠬᠦᠳᠡᠷᠯᠡᠨ ᠦᠢᠯᠡᠳᠦᠭᠰᠡᠨ ᠪᠠᠶᠢᠨ᠎ᠠ᠃ ᠡᠨᠡᠬᠦ ᠺᠢᠨᠣ᠋ ᠳᠤ ᠤᠯᠠᠭᠠᠨᠮᠦ᠋ᠴᠢᠷ ᠤᠨ ᠡᠰᠡᠨᠢᠯ ᠬᠦᠭᠵᠢᠯ ᠤᠨ ᠵᠢᠷᠠᠨ ᠵᠢᠯ ᠤᠨ ᠳᠤᠳᠤᠷᠠᠬᠢ ᠦᠯᠢᠬᠡᠷ ᠢ ᠲᠠᠪᠤᠨ ᠪᠦᠯᠦᠭ ᠲᠤ ᠬᠤᠪᠢᠶᠠᠨ ᠲᠡᠮᠳᠡᠭᠯᠡᠨ᠂ ᠪᠦᠯᠦᠭ ᠪᠦᠷᠢ ᠨᠢ ᠲᠦᠴᠢᠨ ᠲᠠᠪᠤᠨ ᠮᠢᠨᠦ᠋ᠲ ᠪᠠᠶᠢᠵᠦ᠂ ᠤᠯᠠᠭᠠᠨᠬᠦᠦ ᠵᠡᠷᠬᠡ ᠬᠤᠪᠢᠰᠬᠠᠯᠴᠢᠳ ᠤᠨ ᠲᠠᠭᠠᠭᠤᠯᠭ᠎ᠠ ᠪᠠᠷ ᠪᠦᠬᠡ᠂ ᠶᠦᠨ ᠱᠣᠣ ᠭᠤᠸᠠᠩ ᠵᠡᠷᠬᠡ ᠬᠦᠮᠦᠰ ᠶᠠᠨ ᠠᠨ ᠤ ᠦᠨᠳᠦᠰᠦᠳᠡᠨ ᠤ ᠲᠡᠬᠡᠲᠦ ᠰᠤᠷᠭᠠᠭᠤᠯᠢ ᠳᠤ ᠬᠤᠪᠢᠰᠬᠠᠯ ᠤᠨ ᠰᠤᠷᠭᠠᠨ ᠬᠦᠮᠦᠵᠢᠯ ᠬᠦᠷᠳᠡᠭᠰᠡᠨ᠂ ᠰᠤᠶᠤᠯ ᠤᠨ ᠤᠬᠠᠭᠤᠯᠭ᠎ᠠ ᠶᠢᠨ ᠲᠤᠭᠤᠶᠢᠯᠠᠩ ᠢ ᠪᠠᠶᠢᠭᠤᠯᠤᠨ᠂ ᠶᠠᠨ ᠠᠨ ᠤ ᠰᠤᠶᠤᠯ ᠤᠷᠠᠯᠢᠭ ᠤᠨ ᠰᠠᠭᠤᠳᠠᠯ ᠤᠨ ᠬᠤᠷᠠᠯ ᠤᠨ ᠵᠤᠷᠢᠭ ᠰᠠᠨᠠᠭ᠎ᠠ ᠪᠠ ᠬᠤᠪᠢᠰᠬᠠᠯ ᠤᠨ ᠰᠤᠶᠤᠯ ᠤᠷᠠᠯᠢᠭ ᠤᠨ ᠭᠠᠯ ᠤᠨ ᠤᠴᠢ ᠶᠢ ᠲᠠᠯ᠎ᠠ ᠨᠤᠳᠤᠭ ᠲᠤ ᠠᠪᠴᠢᠷᠠᠭᠰᠠᠨ᠂ ᠰᠤᠶᠤᠯ ᠤᠷᠠᠯᠢᠭ ᠤᠨ ᠬᠦᠴᠦᠨ ᠢᠶᠠᠷ ᠦᠪᠦᠷ ᠮᠤᠩᠭᠤᠯ ᠤᠨ ᠦᠪᠡᠷᠲᠡᠬᠡᠨ ᠵᠠᠰᠠᠬᠤ ᠤᠷᠤᠨ ᠤ ᠪᠦᠲᠦᠬᠡᠨ ᠪᠠᠶᠢᠭᠤᠯᠤᠯᠳᠠ ᠶᠢᠨ ᠠᠵᠢᠯ ᠦᠢᠯᠡᠰ ᠢ ᠲᠦᠯᠬᠢᠨ ᠠᠬᠢᠭᠤᠯᠤᠭᠰᠠᠨ ᠵᠡᠷᠬᠡ ᠦᠯᠢᠬᠡᠷ ᠢᠶᠠᠷ ᠭᠤᠤᠯ ᠰᠢᠵᠢᠮ ᠪᠤᠯᠭᠠᠵᠦ᠂ ᠦᠪᠦᠷ ᠮᠤᠩᠭᠤᠯ ᠤᠨ ᠲᠠᠯᠠᠨ ᠵᠢᠯ ᠲᠤᠷᠰᠢᠬᠢ ᠰᠤᠶᠤᠯ ᠤᠨ ᠪᠦᠲᠦᠬᠡᠨ ᠪᠠᠶᠢᠭᠤᠯᠤᠯᠳᠠ ᠶᠢᠨ ᠦᠷ᠎ᠡ ᠪᠦᠲᠦᠮᠵᠢ ᠶᠢ ᠲᠡᠯᠬᠡᠨ ᠦᠵᠡᠬᠦᠯᠦᠭᠰᠡᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号