ᠳᠤᠮᠳᠠᠳᠤ ᠤᠯᠤᠰ ᠤᠨ ᠠᠭᠠᠷ ᠠᠶᠠᠯᠠᠯ ᠤᠨ ᠪᠦᠯᠦᠭᠯᠡᠯ 2018 ᠤᠨ ᠤ ᠰᠦᠨᠢᠳ ᠪᠠᠷᠠᠭᠤᠨ ᠬᠤᠰᠢᠭᠤᠨ ᠎ ᠤ ᠶᠠᠳᠠᠭᠤ ᠶᠢ ᠳᠡᠳᠬᠦᠵᠦ ᠠᠵᠢᠯ ᠤᠯᠭᠤᠬᠤ ᠳᠤᠰᠬᠠᠢ ᠳᠠᠯᠠᠪᠠᠢ ᠶᠢᠨ ᠠᠵᠢᠯᠳᠠᠨ ᠡᠯᠰᠡᠬᠦ ᠬᠤᠷᠠᠯ ᠡᠷᠬᠢᠯᠡᠭᠰᠡᠨ
ᠨᠡᠶᠢᠲᠡᠯᠡᠭᠰᠡᠨ ᠴᠠᠭ᠄
2018/5/16
  ᠤᠷᠴᠢᠮ ᠬᠤᠰᠢᠭᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠤᠯᠠᠭ᠎ᠠ ᠶᠢᠨ ᠳᠤᠪᠴᠢᠶᠠᠨ ᠤ ᠰᠢᠯᠭᠠᠯᠳᠠ ᠶᠢᠨ ᠳᠠᠯᠠᠪᠠᠢ ᠳᠤ᠂ ᠡᠯ᠎ᠡ ᠰᠤᠮᠤ ᠪᠠᠯᠭᠠᠰᠤᠨ ᠠᠴᠠ ᠬᠦᠷᠦᠯᠴᠡᠨ ᠢᠷᠡᠭᠰᠡᠨ ᠰᠠᠶ᠋ᠢᠬᠠᠨ ᠰᠤᠷᠭᠠᠭᠤᠯᠢ ᠳᠡᠭᠦᠰᠦᠭᠰᠡᠨ ᠠᠷᠪᠠᠨ ᠶᠠᠳᠠᠭᠤ ᠬᠦᠴᠢᠷᠳᠡᠯᠳᠡᠢ ᠡᠷᠦᠬᠡ ᠶᠢᠨ ᠠᠷᠪᠠᠨ ᠰᠠᠶ᠋ᠢᠬᠠᠨ ᠰᠤᠷᠭᠠᠭᠤᠯᠢ ᠲᠡᠬᠦᠰᠦᠭᠰᠡᠨ ᠤᠶᠤᠳᠠᠨ ᠦᠪᠡᠷ ᠦᠪᠡᠷᠰᠡᠳ ᠤᠨ ᠤᠷᠤᠨ ᠪᠠᠶᠢᠷᠢᠨ ᠳᠤ ᠰᠠᠭᠤᠯᠴᠠᠨ ᠨᠠᠷᠢᠨ ᠬᠢᠨᠠᠮᠠᠭᠠᠢ ᠰᠡᠳᠦᠪ ᠬᠠᠷᠢᠭᠤᠯᠵᠦ᠂ ᠪᠢᠷ ᠤᠨ ᠰᠢᠯᠭᠠᠯᠳᠠ ᠡᠮᠬᠢ ᠲᠢᠭᠯᠢᠮ ᠲᠠᠢ ᠶᠠᠪᠤᠭᠳᠠᠵᠦ ᠪᠠᠶᠢᠯ᠎ᠠ᠃ ᠪᠢᠷ ᠤᠨ ᠰᠢᠯᠭᠠᠯᠳᠠ ᠶᠢᠨ ᠲᠠᠷᠠᠭ᠎ᠠ᠂ ᠤᠯᠠᠨ ᠎ ᠪᠠᠷ ᠪᠠᠨ 20 ᠮᠢᠨᠦ᠋ᠲ ᠶᠢᠨ ᠬᠤᠭᠤᠴᠠᠭᠠᠳᠠᠢ ᠨᠢᠭᠤᠷᠳᠠᠨ ᠶᠠᠷᠢᠯᠴᠠᠬᠤ ᠰᠢᠯᠭᠠᠯᠳᠠ ᠳᠤ ᠤᠷᠤᠯᠴᠠᠵᠠᠢ᠃ ᠪᠦᠬᠦᠶᠢᠯᠡ ᠰᠢᠯᠭᠠᠯᠳᠠ ᠶᠢᠨ ᠠᠯᠬᠤᠮ ᠳᠤ ᠲᠦᠪ ᠴᠢᠩᠭ᠎ᠠ᠂  ᠲᠦᠷᠢᠮ ᠲᠤᠭᠳᠠᠭᠠᠯ ᠢ ᠴᠢᠩᠭ᠎ᠠ ᠬᠡᠷᠡᠭᠵᠢᠬᠦᠯᠵᠦ᠂ ᠲᠦᠪ ᠭᠤᠤᠯᠴᠢ᠂ ᠢᠯᠡ ᠪᠠᠶᠢᠬᠤ ᠶᠢ ᠪᠠᠳᠤᠯᠠᠪᠠ᠃  ᠤᠶᠢᠯᠭᠠᠭᠰᠠᠨ ᠢᠶᠠᠷ᠂ ᠡᠨᠡ ᠵᠢᠯ ᠲᠤᠮᠳᠠᠳᠤ ᠤᠯᠤᠰ ᠤᠨ ᠠᠭᠠᠷ ᠠᠶᠠᠯᠠᠯ ᠤᠨ ᠺᠤᠮᠫᠠᠨᠢ ᠡᠩ ᠤᠨ ᠲᠡᠬᠡᠲᠦ ᠶᠡᠭᠡ ᠰᠤᠷᠭᠠᠭᠤᠯᠢ ᠠᠴᠠ 2018 ᠤᠨ ᠳᠤ ᠲᠡᠬᠦᠰᠦᠭᠰᠡᠨ 30 ᠨᠠᠰᠤᠨ ᠎ ᠠᠴᠠ ᠲᠤᠷᠤᠭᠰᠢᠬᠢ ᠤᠶᠤᠳᠠᠳ ᠢ ᠡᠯᠰᠡᠵᠦ᠂ ᠭᠠᠵᠠᠷ ᠲᠡᠭᠡᠷᠡᠬᠢ ᠶᠡᠷᠦᠩᠬᠡᠶᠢᠯᠡᠭᠰᠡᠨ ᠦᠢᠯᠡᠴᠢᠯᠡᠭᠴᠢ᠂ ᠤᠨᠴᠠᠭᠠᠢ ᠲᠦᠷᠦᠯ ᠤᠨ ᠲᠤᠨᠤᠭ ᠲᠦᠬᠦᠬᠡᠷᠦᠮᠵᠢ ᠶᠢᠨ ᠵᠠᠰᠠᠨ ᠰᠡᠯᠪᠢᠭᠴᠢ᠂ ᠵᠢᠯᠤᠭᠤᠴᠢ ᠵᠡᠷᠬᠡ ᠠᠵᠢᠯ ᠤᠨ ᠪᠠᠶᠢᠷᠢᠨ ᠳᠤ ᠲᠦᠷᠪᠡᠨ ᠠᠵᠢᠯᠳᠠᠨ ᠡᠯᠰᠡᠬᠦ ᠪᠠᠷ ᠪᠠᠶᠢᠨ᠎ᠠ᠃ ᠰᠢᠯᠭᠠᠯᠳᠠ ᠪᠠᠷ ᠲᠠᠮᠵᠢᠨ ᠡᠯᠰᠡᠭᠳᠡᠭᠰᠡᠨ ᠤᠶᠤᠳᠠᠨ ᠢ ᠪᠡᠬᠡᠵᠢᠩ ᠬᠤᠳᠠᠨ ᠳᠤ ᠪᠤᠯᠪᠠᠰᠤᠷᠠᠯ ᠳᠤ ᠤᠷᠤᠯᠴᠠᠭᠤᠯᠤᠨ᠂ ᠠᠵᠢᠯ ᠤᠨ ᠪᠠᠶᠢᠷᠢ ᠲᠤᠬᠢᠷᠠᠭᠤᠯᠬᠤ ᠪᠠᠷ ᠪᠤᠯᠵᠠᠢ᠃ ᠲᠤᠰ ᠤᠳᠠᠭ᠎ᠠ ᠡᠯᠰᠡᠬᠦ ᠬᠦᠮᠦᠰ ᠤᠨ ᠬᠦᠷᠢᠶ᠎ᠡ ᠬᠡᠪᠴᠢᠶ᠎ᠡ ᠶᠢ ᠰᠦᠨᠢᠳ ᠪᠠᠷᠠᠭᠤᠨ ᠬᠤᠰᠢᠭᠤᠨ ᠤ ᠳᠠᠩᠰᠠᠯᠠᠭᠤᠯᠤᠭᠰᠠᠨ ᠶᠠᠳᠠᠭᠤ ᠬᠦᠴᠢᠷᠳᠡᠯᠳᠠᠢ ᠡᠷᠦᠬᠡ ᠪᠠᠷ ᠬᠢᠵᠠᠭᠠᠷᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号