ᠰᠦᠨᠢᠤᠨ ᠪᠠᠷᠠᠭᠤᠨ ᠬᠤᠰᠢᠭᠤᠨ ᠤ ᠮᠠᠯᠵᠢᠬᠤ ᠤᠷᠤᠨ ᠤ ᠨᠠᠰᠤᠵᠢᠯ ᠤᠨ ᠠᠰᠠᠷᠠᠮᠵᠢ ᠶᠢᠨ ᠲᠦᠪ ᠤᠨ ︿ᠮᠠᠯᠴᠢᠨ ᠠᠶᠢᠯ ᠤᠨ ᠬᠤᠷᠢᠶᠠᠯᠠᠯ﹀ ᠲᠦᠷᠦᠯ ᠵᠤᠶᠢᠯ ᠤᠨ ᠪᠠᠶᠢᠭᠤᠯᠤᠯᠳᠠ ᠶᠢᠨ ᠠᠵᠢᠯ ᠡᠷᠴᠢᠮᠳᠠᠢ ᠶᠠᠪᠤᠭᠳᠠᠵᠦ ᠪᠠᠶᠢᠨ᠎ᠠ
ᠨᠡᠶᠢᠲᠡᠯᠡᠭᠰᠡᠨ ᠴᠠᠭ᠄
2018/5/25
 ᠰᠦᠨᠢᠤᠨ ᠪᠠᠷᠠᠭᠤᠨ ᠬᠤᠰᠢᠭᠤᠨ ᠤ ᠮᠠᠯᠵᠢᠬᠤ ᠤᠷᠤᠨ ᠤ ᠨᠠᠰᠤᠵᠢᠯ ᠤᠨ ᠠᠰᠠᠷᠠᠮᠵᠢ ᠶᠢᠨ ᠲᠦᠪ ‍ᠤᠨ‌‍ᠲ᠋ᠦ᠋ᠷᠦᠯ ᠵᠤᠶᠢᠯ ᠤᠨ ᠪᠠᠶᠢᠭᠤᠯᠤᠯᠳᠠ ᠶᠢᠨ ᠠᠵᠢᠯ ᠨᠢ 2015 ᠤᠨ ᠠᠴᠠ ᠡᠬᠢᠯᠡᠨ᠂  4466 ᠲᠦᠮᠡᠨ ᠲᠦᠬᠦᠷᠢᠭ ᠤᠨ ᠶᠡᠷᠦᠩᠬᠡᠢ ᠪᠡᠯᠡ ᠤᠷᠤᠭᠤᠯᠵᠦ᠂ ᠡᠵᠡᠯᠡᠬᠦ ᠲᠠᠯᠠᠪᠡᠢ ᠨᠢ18000 ᠲᠡᠭᠰᠢ ᠲᠦᠷᠪᠡᠯᠵᠢᠨ ᠲᠠᠯᠠᠪᠠᠢ  ᠂ ᠪᠠᠶᠢᠭᠤᠯᠤᠯᠳᠠ ᠎ ᠶᠢᠨ ᠲᠠᠯᠠᠪᠡᠢ ᠨᠢ 22668.9 ᠲᠡᠭᠰᠢ ᠲᠦᠷᠪᠡᠯᠵᠢᠨ ᠲᠠᠯᠠᠪᠠᠢ ᠶᠢ ᠡᠵᠡᠯᠡᠵᠦ᠂280 ᠮᠠᠯᠴᠢᠨ ᠡᠷᠦᠬᠡ ᠪᠠᠭᠳᠠᠭᠠᠬᠤ  ᠪᠦᠷᠢᠨ ᠲᠦᠬᠦᠷᠵᠢᠮᠡᠯᠡᠭᠰᠡᠨ ᠠᠰᠠᠷᠠᠮᠵᠢ ᠶᠢᠨ ᠲᠦᠪ ᠪᠤᠯᠤᠨ᠎ᠠ᠃ ᠡᠬᠦᠨ ᠳᠤ 5444.49  ᠲᠡᠭᠰᠢ ᠲᠦᠷᠪᠡᠯᠵᠢᠨ ᠲᠠᠯᠠᠪᠡᠢ ᠲᠠᠢ ᠬᠤᠶᠠᠷ ᠦᠢᠯᠡᠴᠢᠯᠡᠬᠡᠨ  ᠎ ᠤ ᠠᠰᠡᠷ᠂17224 ᠲᠡᠭᠰᠢ ᠲᠦᠷᠪᠡᠯᠵᠢᠨ ᠲᠠᠯᠠᠪᠡᠢ ᠲᠠᠢ ᠲᠦᠷᠪᠡᠨ ᠰᠠᠭᠤᠭᠠᠯᠢ ᠠᠷᠠᠤᠨ ᠤᠨ ᠠᠰᠠᠷ ᠪᠤᠢ᠃  ᠬᠦᠳᠡᠭᠡ ᠲᠤᠰᠬᠠᠤᠨ ᠮᠠᠯᠵᠢᠬᠤ ᠤᠷᠤᠨ ᠤ 60 ᠨᠠᠰᠤᠨ ᠠᠴᠠ ᠲᠡᠭᠡᠭᠰᠢ ᠨᠠᠰᠤᠳᠠᠶᠢᠴᠤᠤᠨ  ᠎ ᠶᠢ ᠨᠡᠬᠦᠯᠬᠡᠨ ᠰᠢᠯᠵᠢᠬᠦᠯᠵᠦ᠂ ᠲᠦᠪᠯᠡᠷᠡᠬᠦᠯᠦᠨ ᠰᠠᠭᠤᠯᠭᠠᠨ᠂ ᠲᠠᠳᠠᠨ ᠤ ᠠᠵᠦ ᠠᠮᠢᠳᠤᠷᠠᠯ ᠤᠨ ᠨᠦᠬᠦᠴᠠᠯ  ᠎ ᠢ ᠦᠨᠡᠨᠬᠦ ᠰᠠᠶᠢᠵᠢᠷᠠᠭᠤᠯᠬᠤ ᠪᠤᠯᠤᠨ᠎ᠠ᠃     ᠡᠨᠡ ᠵᠢᠯ ᠤᠨ ᠬᠠᠪᠤᠷ ᠠᠴᠠ ᠡᠬᠢᠯᠡᠨ᠂ ᠮᠠᠨ ᠤ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠵᠢᠴᠢ  ᠬᠤᠰᠢᠭᠤᠨ ᠤ ᠬᠠᠮᠢᠶ᠎ᠠ ᠪᠦᠬᠦᠢ ᠡᠯ᠎ᠡ ᠰᠠᠯᠠᠭ᠎ᠠ ᠮᠦᠴᠢᠷ ᠤᠨ ᠬᠠᠮᠳᠤᠷᠠᠯᠴᠠᠭ᠎ᠠ ᠲᠤᠤᠷ᠎ᠠ  ᠂ ᠨᠢᠳᠤᠨᠤᠨ ᠤ ᠦᠯᠡᠳᠡᠭᠳᠡᠵᠦ ᠪᠠᠶᠢᠭ᠎ᠠ ᠪᠡᠯᠡ ᠮᠦᠩᠬᠦ ᠲᠤᠳᠠᠭᠳᠠᠵᠦ᠂ ᠬᠡᠷ ᠪᠠᠶᠢᠰᠢᠩ ᠨᠤᠷᠠᠭᠠᠨ ᠪᠠᠭᠤᠯᠭᠠᠬᠤ ᠵᠡᠷᠭᠡ ᠠᠰᠠᠭᠤᠳᠠᠯ ᠢ ᠰᠠᠶᠢᠳᠤᠷ ᠰᠠᠶᠢᠤᠨᠪᠤᠷᠢᠯᠠᠵᠦ ᠴᠢᠳᠠᠵᠠᠢ᠃  ᠨᠠᠰᠤᠵᠢᠯ ᠤᠨ ᠠᠰᠠᠷᠠᠮᠵᠢ ᠶᠢᠨ ᠲᠦᠪ ᠤᠨ ᠪᠡᠷᠢᠯᠭ᠎ᠠ ᠶᠢ ᠤᠷᠤᠭᠰᠢᠳᠠᠢ ᠶᠠᠪᠤᠭᠳᠠᠭᠤᠯᠬᠤ ᠶᠢᠨ ᠲᠦᠯᠦᠬᠡ᠂  ᠬᠤᠰᠢᠭᠤ ᠠᠷᠠᠤᠨ ᠤᠨ ᠶᠠᠪᠤᠳᠠᠯ ᠤᠨ ᠲᠤᠪᠴᠢᠶ᠎ᠠ ᠨᠢ ᠬᠢᠯᠢ ᠬᠢᠵᠠᠭᠠᠷ ᠤᠨ ᠬᠤᠰᠢᠭᠤ ᠰᠢᠶᠠᠨ᠂ ᠤᠯᠤᠰ ᠤᠨ ᠲᠠᠰ ᠤᠨ ᠶᠠᠳᠠᠭᠤ ᠬᠦᠴᠢᠷᠳᠠᠯᠳᠠᠢ ᠬᠤᠰᠢᠭᠤ ᠰᠢᠶᠠᠨ ᠤ ᠨᠠᠰᠤᠵᠢᠯ ᠤᠨ ᠦᠢᠯᠡᠴᠢᠯᠡᠬᠡᠨ ᠤ ᠲᠦᠷᠦᠯ ᠵᠤᠶᠢᠯ ᠤᠨ ᠪᠡᠯᠡ ᠮᠦᠩᠬᠦ ᠶᠢ ᠢᠳᠡᠪᠬᠢᠳᠡᠢ ᠡᠷᠡᠮᠡᠯᠵᠠᠯᠡᠵᠦ᠂ ᠲᠤᠭᠳᠠᠭᠰᠠᠨ ᠬᠤᠭᠤᠴᠭᠠᠨ ᠎ ᠳᠤ ᠪᠠᠷᠢᠯᠭ᠎ᠠ ᠲᠠᠭᠤᠰᠬᠠᠬᠤ ᠶᠢ ᠪᠠᠳᠤᠯᠠᠭᠰᠠᠨ ᠪᠠᠶᠢᠨ᠎ᠠ᠃      ᠤᠳᠤᠬᠠᠨ ᠳᠤ᠂  ᠲᠤᠰ ᠨᠠᠰᠤᠵᠢᠯ ᠤᠨ ᠠᠰᠠᠷᠠᠮᠵᠢ ᠶᠢᠨ ᠲᠦᠪ ᠨᠢ ᠬᠤᠶᠠᠷ  ᠰᠠᠤᠷᠢ  ᠶᠡᠷᠦᠩᠬᠡᠢ ᠦᠢᠯᠡᠴᠢᠯᠡᠬᠡᠨ ᠤ ᠠᠰᠠᠷ ᠢᠶᠠᠨ ᠨᠢᠬᠡᠨᠳᠡ ᠪᠠᠷᠢᠵᠦ ᠪᠠᠷᠠᠨ ᠵᠠᠰᠠᠨ ᠴᠢᠮᠡᠭᠯᠡᠵᠦ᠂ ᠲᠦᠷᠪᠡᠨ ᠰᠠᠤᠷᠢ ᠰᠠᠭᠤᠭᠠᠯᠢ ᠠᠷᠠᠤᠨ ‍ᠤᠨ‌ᠠᠰᠠᠷ ᠨᠢ ᠨᠢᠬᠡᠨᠳᠡ ᠪᠠᠷᠢᠯᠭ᠎ᠠ ᠶᠢᠨ ᠰᠠᠭᠤᠷᠢ ᠪᠠᠨ ᠲᠠᠯᠪᠢᠵᠦ᠂  ᠠᠰᠠᠷ ᠤᠨ ᠭᠤᠤᠯ ᠴᠤᠭᠴᠠ ᠪᠠᠷᠢᠯᠭ᠎ᠠ ᠪᠠᠨ ᠡᠬᠢᠯᠡᠬᠦᠯᠵᠦ᠂ ᠲᠦᠯᠦᠪᠯᠡᠯᠬᠡ ᠶᠤᠰᠤᠭᠠᠷ᠂ ᠡᠨᠡ ᠵᠢᠯ ᠤᠨ 7 ᠰᠠᠷ᠎ᠠ  ᠎ ᠳᠤ ᠲᠦᠷᠪᠡᠨ ᠰᠠᠤᠷᠢ ᠰᠠᠭᠤᠭᠠᠯᠢ ᠠᠷᠠᠤᠨ ᠎ ᠤᠨ ᠠᠰᠠᠷ ᠤᠨ ᠭᠤᠤᠯ ᠴᠤᠭᠴᠠ ᠶᠢᠨ ᠪᠠᠷᠢᠯᠭ᠎ᠠ ᠶᠢ ᠪᠠᠷᠢᠵᠦ ᠪᠠᠷᠠᠨ  ᠂ ᠵᠢᠯ ᠤᠨ ᠰᠠᠬᠦᠯᠴᠢ ᠳᠤ ᠠᠰᠢᠭᠯᠠᠯᠳᠠ ᠳᠤ ᠤᠷᠤᠭᠤᠯᠬᠤ ᠪᠠᠷ ᠴᠢᠷᠮᠠᠶᠢᠵᠦ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号