ᠮᠠᠯᠴᠢᠨ ᠡᠷᠳᠡᠨᠢ ᠤᠯᠠᠨ ᠵᠢᠯ ᠤᠨ ᠴᠢᠷᠮᠠᠶᠢᠯᠭ᠎ᠠ ᠪᠠᠷ ᠪᠡᠯᠴᠢᠬᠡᠷ ᠨᠤᠳᠤᠭ ᠨᠤᠮᠢᠨ ᠦᠩᠬᠡ ᠪᠠᠷ ᠴᠢᠮᠡᠭᠳᠡᠵᠠᠢ
ᠨᠡᠶᠢᠲᠡᠯᠡᠭᠰᠡᠨ ᠴᠠᠭ᠄
2018/5/25
ᠰᠦᠨᠢᠳ ᠨᠤᠳᠤᠭ ᠬᠡᠵᠦ ᠠᠷᠪᠠᠨ ᠵᠢᠯ ᠤᠨ ᠶᠢᠰᠦ ᠨᠢ ᠭᠠᠩᠳᠠᠳᠠᠭ ᠪᠤᠯᠬᠤᠷ ᠡᠪᠡᠰᠦ ᠨᠤᠭᠤᠭᠠᠨ ᠤ ᠤᠷᠭᠤᠯᠳᠠ ᠮᠠᠭᠤᠬᠠᠨ ᠪᠠᠶᠢᠳᠠᠭ᠃ ᠬᠠᠷᠢᠨ ᠠᠴᠢᠳᠠᠠᠭᠤᠯᠠ ᠰᠤᠮᠤᠨ ᠤ ᠡᠷᠳᠡᠨᠢᠪᠤᠯᠠᠭ ᠭᠠᠴᠠᠭᠠᠨ ᠤ ᠮᠠᠯᠴᠢᠨ ᠡᠷᠳᠡᠨᠢ ᠶᠢᠨ ᠬᠢᠨ  ᠳᠤ ᠬᠦᠷᠪᠡᠯ᠂ ᠴᠡᠯᠬᠡᠷᠡᠨ ᠨᠤᠭᠤᠭᠠᠷᠠᠬᠤ ᠡᠪᠡᠰᠦ ᠮᠤᠳᠤ ᠬᠦᠮᠦᠰ ᠤᠨ ᠬᠠᠷᠠᠴᠠ ᠶᠢ ᠪᠤᠯᠢᠶᠠᠨ᠎ᠠ᠃ ᠡᠨᠡ ᠪᠤᠯ ᠲᠡᠬᠦᠨ  ᠤ ᠤᠯᠠᠨ ᠵᠢᠯ ᠤᠨ ᠴᠢᠷᠮᠠᠶᠢᠯᠭ᠎ᠠ ᠶᠢᠨ ᠳ᠋ᠦᠩ ᠪᠠᠶᠢᠭ᠎ᠠ ᠶᠤᠮ᠃  ᠡᠷᠳᠡᠨᠢ ᠶᠢᠨ ᠬᠢᠨ 8000 ᠮᠤ᠋ ᠪᠡᠯᠴᠢᠬᠡᠷ ᠲᠠᠢ᠂  ᠨᠤᠳᠤᠭ ᠪᠡᠯᠴᠢᠬᠡᠷ ᠤᠨ ᠲᠡᠩᠴᠡᠬᠦᠷᠢ ᠶᠢ ᠪᠠᠷᠢᠮᠳᠠᠯᠠᠵᠦ 200 ᠰᠦᠨᠢᠳ ᠬᠤᠨᠢ ᠮᠠᠯᠵᠢᠵᠦ ᠪᠠᠶᠢᠳᠠᠭ᠃ ᠨᠤᠳᠤᠭ ᠪᠡᠯᠴᠢᠬᠡᠷ ᠢᠶᠠᠨ ᠬᠠᠶᠢᠷᠠᠯᠠᠨ ᠬᠠᠮᠠᠭᠠᠯᠳᠠᠭ ᠲᠡᠷᠡ ︽ᠪᠡᠯᠴᠢᠬᠡᠷᠯᠡᠬᠦᠯᠬᠦ ᠶᠢ ᠲᠦᠷ ᠵᠤᠭᠰᠤᠭᠠᠬᠤ︾ ᠲᠦᠷᠢᠮ ᠢ ᠬᠡᠷᠡᠭᠵᠢᠬᠦᠯᠬᠦ ᠠᠴᠠ ᠡᠮᠦᠨ᠎ᠡ᠂ ᠦᠪᠡᠷᠰᠡᠳ ᠢᠶᠠᠨ ᠨᠢᠬᠡᠨᠳᠡ ᠬᠠᠪᠤᠷ ᠤᠨ ᠤᠯᠠᠷᠢᠯ ᠳᠤ ᠬᠠᠰᠢᠶᠠᠯᠠᠨ ᠮᠠᠯᠵᠢᠭᠠᠳ‌‍ᠲ᠋ᠠᠪᠤᠨ ᠵᠢᠯ ᠤᠨ ᠨᠢᠭᠤᠷ ᠢ ᠦᠵᠡᠵᠦ ᠪᠠᠶᠢᠨ᠎ᠠ᠃ ᠵᠢᠯ ᠪᠤᠯᠭᠠᠨ ᠡᠪᠦᠯ ᠪᠤᠯᠬᠤ ᠠᠴᠠ ᠤᠷᠢᠳ᠂ ᠡᠷᠳᠡᠨᠢ ᠡᠷᠲᠡ ᠠᠴᠠ ᠡᠪᠡᠰᠦ ᠪᠤᠷᠳᠤᠭ᠎ᠠ ᠢᠶᠠᠨ ᠪᠡᠯᠡᠳᠬᠡᠵᠦ ᠨᠦᠬᠡᠴᠡᠯᠡᠬᠦ ᠶᠢᠨ ᠬᠠᠮᠲᠤ ᠡᠪᠦᠯ ᠤᠨ ᠬᠤᠷᠠᠭ᠎ᠠ ᠲᠤᠰᠴᠤ ᠡᠷᠲᠡ ᠭᠠᠷᠭᠠᠯᠳᠠ ᠬᠢᠬᠦ ᠪᠠᠷ ᠪᠡᠯᠡᠳᠬᠡᠳᠡᠭ᠃ ᠡᠶᠢᠨᠬᠦ ᠬᠠᠪᠤᠷ ᠤᠨ ᠭᠠᠴᠠᠭ ᠴᠠᠭ ᠲᠤ ᠪᠦᠷᠢᠨ ᠪᠡᠯᠡᠳᠬᠡᠯ ᠲᠠᠢ ᠡᠳᠡᠨᠡᠶᠢᠬᠢᠨ᠂ ᠮᠠᠯ ᠤᠨ ᠲᠠᠷᠭᠤ ᠬᠦᠴᠦ ᠶᠢ ᠪᠠᠳᠤᠯᠠᠬᠤ ᠶᠢᠨ ᠵᠡᠷᠬᠡ ᠪᠡᠯᠴᠢᠬᠡᠷ  ᠢᠶᠠᠨ ᠬᠠᠮᠠᠭᠠᠯᠠᠵᠦ᠂ ᠡᠪᠡᠰᠦ ᠨᠤᠭᠤᠭᠠᠨ ᠤ ᠰᠡᠷᠬᠦᠯᠳᠡ ᠶᠢ ᠠᠬᠢᠭᠤᠯᠤᠨ᠂ ᠮᠠᠯ ᠤᠨ ᠠᠰᠢᠭ ᠰᠢᠮ᠎ᠡ ᠪᠠᠷ ᠤᠷᠤᠯᠭ᠎ᠠ  ᠪᠠᠨ ᠨᠡᠮᠡᠭᠳᠡᠬᠦᠯᠬᠦ ᠳᠤ ᠰᠠᠶᠢᠨ ᠰᠠᠭᠤᠷᠢ ᠶᠢ ᠲᠠᠯᠪᠢᠳᠠᠭ ᠪᠠᠶᠢᠨ᠎ᠠ᠃ ᠬᠠᠰᠢᠶᠠᠯᠠᠭ᠎ᠠ ᠶᠢᠨ ᠰᠠᠶᠢᠨᠳᠠᠢ ᠲᠠᠯ᠎ᠠ ᠶᠢ ᠬᠦᠢᠴᠡᠳ ᠮᠡᠳᠡᠷᠡᠭᠰᠡᠨ ᠡᠷᠳᠡᠨᠢ᠂ ᠨᠢᠳᠤᠨᠤᠨ ᠵᠢᠯ 800 ᠬᠠᠪᠳᠠᠭᠠᠢ ᠲᠦᠷᠪᠡᠯᠵᠢᠨ ᠲᠠᠯᠠᠪᠠᠢ ᠲᠠᠢ ᠭᠠᠵᠠᠷ ᠢ ᠮᠠᠯ ᠤᠨᠤᠭ᠎ᠠ ᠤᠷᠤᠭᠤᠯᠬᠤ ᠦᠬᠡᠢ ᠲᠤᠤᠷ ᠳᠠᠳᠠᠨ ᠬᠦᠷᠢᠶᠡᠯᠡᠵᠦ᠂ ᠪᠤᠷᠭᠠᠰᠤ ᠪᠤᠯᠤᠨ ᠤᠯᠢᠶᠠᠰᠤ ᠲᠠᠷᠢᠵᠠᠢ᠃ ᠤᠳᠤᠬᠠᠨ ᠳᠤ᠂ ᠲᠡᠬᠦᠨ ᠤ ᠡᠨᠡᠬᠦ  ᠬᠡᠰᠡᠭ ᠭᠠᠵᠠᠷ ᠨᠤᠮᠢᠨ ᠨᠤᠭᠤᠭᠠᠨ ᠦᠩᠬᠡ ᠪᠠᠷ ᠴᠢᠮᠡᠭᠳᠡᠵᠦ᠂ ᠬᠠᠷᠠᠭᠰᠠᠨ ᠪᠦᠬᠦᠨ ᠤ ᠲᠤᠷ᠎ᠠ ᠪᠠᠬ᠎ᠠ ᠶᠢ ᠪᠤᠯᠢᠶᠠᠵᠦ ᠪᠠᠶᠢᠳᠠᠭ ᠪᠤᠯᠵᠠᠢ᠃  ᠮᠠᠨ ᠤ ᠬᠤᠰᠢᠭᠤᠨ ᠤ ᠡᠨᠡ ᠵᠢᠯ ᠤᠨ ᠬᠠᠪᠤᠷ ᠤᠨ ᠤᠯᠠᠷᠢᠯ ᠤᠨ ᠪᠡᠯᠴᠢᠬᠡᠷᠯᠡᠬᠦᠯᠬᠦ ᠶᠢ ᠲᠦᠷ ᠵᠤᠭᠰᠤᠭᠠᠬᠤ ᠠᠵᠢᠯ ᠰᠢᠪᠳᠤᠷᠭᠠᠨ ᠲᠠᠭᠠᠨ ᠤᠷᠤᠵᠦ᠂ ᠤᠶᠢᠷ᠎ᠠ ᠶᠢᠨ ᠬᠤᠭᠤᠴᠠᠭᠠᠨ ᠳᠤ ᠤᠷᠤᠭᠰᠠᠨ ᠨᠢᠬᠡᠨ ᠤᠳᠠᠭᠠᠨ ᠤ ᠬᠤᠷ᠎ᠠ ᠪᠤᠷᠤᠭᠠᠨ ᠨᠡᠩ ᠴᠦ ᠡᠪᠡᠰᠦ ᠨᠤᠭᠤᠭᠠᠨ ᠤ ᠰᠡᠷᠬᠦᠯᠳᠡ ᠳᠤ ᠶᠡᠬᠡᠬᠡᠨ ᠠᠰᠢᠭ ᠦᠵᠡᠬᠦᠯᠵᠦ᠂ ᠮᠠᠯᠴᠢᠳ ᠤᠨ ᠮᠠᠩᠨᠠᠢ ᠲᠡᠨᠡᠶᠢᠨ᠂ ᠵᠢᠯ ᠤᠨ ᠦᠩᠬᠡ ᠰᠠᠶᠢᠬᠠᠨ ᠪᠤᠯᠵᠦ᠂ ᠮᠠᠯ ᠰᠦᠷᠦᠭ ᠲᠠᠷᠭᠤ  ᠬᠦᠴᠦ ᠠᠪᠬᠤ ᠳᠤ ᠮᠠᠰᠢ ᠢᠳᠡᠬᠡᠯ ᠲᠠᠢ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号