ᠰᠦᠨᠢᠤᠨ ᠪᠠᠷᠠᠭᠤᠨ ᠬᠤᠰᠢᠭᠤᠨ ᠤ ᠮᠠᠯᠵᠢᠬᠤ ᠤᠷᠤᠨ ᠤ ᠨᠠᠰᠤᠵᠢᠯ ᠤᠨ ᠠᠰᠠᠷᠠᠮᠵᠢ ᠶᠢᠨ ᠲᠦᠪ ᠤᠨᠲ᠋ᠦ᠋ᠷᠦᠯ | ᠵᠤᠶᠢᠯ ᠤᠨ ᠪᠠᠶᠢᠭᠤᠯᠤᠯᠳᠠ ᠶᠢᠨ ᠠᠵᠢᠯ ᠨᠢ 2015 ᠤᠨ ᠠᠴᠠ ᠡᠬᠢᠯᠡᠨ᠂ 4466 ᠲᠦᠮᠡᠨ ᠲᠦᠬᠦᠷᠢᠭ ᠤᠨ | ᠶᠡᠷᠦᠩᠬᠡᠢ ᠪᠡᠯᠡ ᠤᠷᠤᠭᠤᠯᠵᠦ᠂ ᠡᠵᠡᠯᠡᠬᠦ ᠲᠠᠯᠠᠪᠡᠢ ᠨᠢ18000 ᠲᠡᠭᠰᠢ ᠲᠦᠷᠪᠡᠯᠵᠢᠨ ᠲᠠᠯᠠᠪᠠᠢ ᠂ ᠪᠠᠶᠢᠭᠤᠯᠤᠯᠳᠠ | ᠶᠢᠨ ᠲᠠᠯᠠᠪᠡᠢ ᠨᠢ 22668.9 ᠲᠡᠭᠰᠢ ᠲᠦᠷᠪᠡᠯᠵᠢᠨ ᠲᠠᠯᠠᠪᠠᠢ ᠶᠢ ᠡᠵᠡᠯᠡᠵᠦ᠂280 ᠮᠠᠯᠴᠢᠨ ᠡᠷᠦᠬᠡ ᠪᠠᠭᠳᠠᠭᠠᠬᠤ | ᠪᠦᠷᠢᠨ ᠲᠦᠬᠦᠷᠵᠢᠮᠡᠯᠡᠭᠰᠡᠨ ᠠᠰᠠᠷᠠᠮᠵᠢ ᠶᠢᠨ ᠲᠦᠪ ᠪᠤᠯᠤᠨ᠎ᠠ᠃ ᠡᠬᠦᠨ ᠳᠤ 5444.49 ᠲᠡᠭᠰᠢ ᠲᠦᠷᠪᠡᠯᠵᠢᠨ | ᠲᠠᠯᠠᠪᠡᠢ ᠲᠠᠢ ᠬᠤᠶᠠᠷ ᠦᠢᠯᠡᠴᠢᠯᠡᠬᠡᠨ ᠤ ᠠᠰᠡᠷ᠂17224 ᠲᠡᠭᠰᠢ ᠲᠦᠷᠪᠡᠯᠵᠢᠨ ᠲᠠᠯᠠᠪᠡᠢ ᠲᠠᠢ ᠲᠦᠷᠪᠡᠨ | ᠰᠠᠭᠤᠭᠠᠯᠢ ᠠᠷᠠᠤᠨ ᠤᠨ ᠠᠰᠠᠷ ᠪᠤᠢ᠃ ᠬᠦᠳᠡᠭᠡ ᠲᠤᠰᠬᠠᠤᠨ ᠮᠠᠯᠵᠢᠬᠤ ᠤᠷᠤᠨ ᠤ 60 ᠨᠠᠰᠤᠨ ᠠᠴᠠ ᠲᠡᠭᠡᠭᠰᠢ | ᠨᠠᠰᠤᠳᠠᠶᠢᠴᠤᠤᠨ ᠶᠢ ᠨᠡᠬᠦᠯᠬᠡᠨ ᠰᠢᠯᠵᠢᠬᠦᠯᠵᠦ᠂ ᠲᠦᠪᠯᠡᠷᠡᠬᠦᠯᠦᠨ ᠰᠠᠭᠤᠯᠭᠠᠨ᠂ ᠲᠠᠳᠠᠨ ᠤ ᠠᠵᠦ ᠠᠮᠢᠳᠤᠷᠠᠯ ᠤᠨ | ᠨᠦᠬᠦᠴᠠᠯ ᠢ ᠦᠨᠡᠨᠬᠦ ᠰᠠᠶᠢᠵᠢᠷᠠᠭᠤᠯᠬᠤ ᠪᠤᠯᠤᠨ᠎ᠠ᠃ | ᠡᠨᠡ ᠵᠢᠯ ᠤᠨ ᠬᠠᠪᠤᠷ ᠠᠴᠠ ᠡᠬᠢᠯᠡᠨ᠂ ᠮᠠᠨ ᠤ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠵᠢᠴᠢ | ᠬᠤᠰᠢᠭᠤᠨ ᠤ ᠬᠠᠮᠢᠶ᠎ᠠ ᠪᠦᠬᠦᠢ ᠡᠯ᠎ᠡ ᠰᠠᠯᠠᠭ᠎ᠠ ᠮᠦᠴᠢᠷ ᠤᠨ ᠬᠠᠮᠳᠤᠷᠠᠯᠴᠠᠭ᠎ᠠ ᠲᠤᠤᠷ᠎ᠠ ᠂ ᠨᠢᠳᠤᠨᠤᠨ ᠤ | ᠦᠯᠡᠳᠡᠭᠳᠡᠵᠦ ᠪᠠᠶᠢᠭ᠎ᠠ ᠪᠡᠯᠡ ᠮᠦᠩᠬᠦ ᠲᠤᠳᠠᠭᠳᠠᠵᠦ᠂ ᠬᠡᠷ ᠪᠠᠶᠢᠰᠢᠩ ᠨᠤᠷᠠᠭᠠᠨ ᠪᠠᠭᠤᠯᠭᠠᠬᠤ ᠵᠡᠷᠭᠡ ᠠᠰᠠᠭᠤᠳᠠᠯ ᠢ | ᠰᠠᠶᠢᠳᠤᠷ ᠰᠠᠶᠢᠤᠨᠪᠤᠷᠢᠯᠠᠵᠦ ᠴᠢᠳᠠᠵᠠᠢ᠃ ᠨᠠᠰᠤᠵᠢᠯ ᠤᠨ ᠠᠰᠠᠷᠠᠮᠵᠢ ᠶᠢᠨ ᠲᠦᠪ ᠤᠨ ᠪᠡᠷᠢᠯᠭ᠎ᠠ ᠶᠢ ᠤᠷᠤᠭᠰᠢᠳᠠᠢ | ᠶᠠᠪᠤᠭᠳᠠᠭᠤᠯᠬᠤ ᠶᠢᠨ ᠲᠦᠯᠦᠬᠡ᠂ ᠬᠤᠰᠢᠭᠤ ᠠᠷᠠᠤᠨ ᠤᠨ ᠶᠠᠪᠤᠳᠠᠯ ᠤᠨ ᠲᠤᠪᠴᠢᠶ᠎ᠠ ᠨᠢ ᠬᠢᠯᠢ ᠬᠢᠵᠠᠭᠠᠷ ᠤᠨ | ᠬᠤᠰᠢᠭᠤ ᠰᠢᠶᠠᠨ᠂ ᠤᠯᠤᠰ ᠤᠨ ᠲᠠᠰ ᠤᠨ ᠶᠠᠳᠠᠭᠤ ᠬᠦᠴᠢᠷᠳᠠᠯᠳᠠᠢ ᠬᠤᠰᠢᠭᠤ ᠰᠢᠶᠠᠨ ᠤ ᠨᠠᠰᠤᠵᠢᠯ ᠤᠨ | ᠦᠢᠯᠡᠴᠢᠯᠡᠬᠡᠨ ᠤ ᠲᠦᠷᠦᠯ ᠵᠤᠶᠢᠯ ᠤᠨ ᠪᠡᠯᠡ ᠮᠦᠩᠬᠦ ᠶᠢ ᠢᠳᠡᠪᠬᠢᠳᠡᠢ ᠡᠷᠡᠮᠡᠯᠵᠠᠯᠡᠵᠦ᠂ ᠲᠤᠭᠳᠠᠭᠰᠠᠨ ᠬᠤᠭᠤᠴᠭᠠᠨ | ᠳᠤ ᠪᠠᠷᠢᠯᠭ᠎ᠠ ᠲᠠᠭᠤᠰᠬᠠᠬᠤ ᠶᠢ ᠪᠠᠳᠤᠯᠠᠭᠰᠠᠨ ᠪᠠᠶᠢᠨ᠎ᠠ᠃ | ᠤᠳᠤᠬᠠᠨ ᠳᠤ᠂ ᠲᠤᠰ ᠨᠠᠰᠤᠵᠢᠯ ᠤᠨ ᠠᠰᠠᠷᠠᠮᠵᠢ ᠶᠢᠨ ᠲᠦᠪ ᠨᠢ ᠬᠤᠶᠠᠷ ᠰᠠᠤᠷᠢ ᠶᠡᠷᠦᠩᠬᠡᠢ | ᠦᠢᠯᠡᠴᠢᠯᠡᠬᠡᠨ ᠤ ᠠᠰᠠᠷ ᠢᠶᠠᠨ ᠨᠢᠬᠡᠨᠳᠡ ᠪᠠᠷᠢᠵᠦ ᠪᠠᠷᠠᠨ ᠵᠠᠰᠠᠨ ᠴᠢᠮᠡᠭᠯᠡᠵᠦ᠂ ᠲᠦᠷᠪᠡᠨ ᠰᠠᠤᠷᠢ ᠰᠠᠭᠤᠭᠠᠯᠢ ᠠᠷᠠᠤᠨ | ᠤᠨᠠᠰᠠᠷ ᠨᠢ ᠨᠢᠬᠡᠨᠳᠡ ᠪᠠᠷᠢᠯᠭ᠎ᠠ ᠶᠢᠨ ᠰᠠᠭᠤᠷᠢ ᠪᠠᠨ ᠲᠠᠯᠪᠢᠵᠦ᠂ ᠠᠰᠠᠷ ᠤᠨ ᠭᠤᠤᠯ ᠴᠤᠭᠴᠠ ᠪᠠᠷᠢᠯᠭ᠎ᠠ ᠪᠠᠨ | ᠡᠬᠢᠯᠡᠬᠦᠯᠵᠦ᠂ ᠲᠦᠯᠦᠪᠯᠡᠯᠬᠡ ᠶᠤᠰᠤᠭᠠᠷ᠂ ᠡᠨᠡ ᠵᠢᠯ ᠤᠨ 7 ᠰᠠᠷ᠎ᠠ ᠳᠤ ᠲᠦᠷᠪᠡᠨ ᠰᠠᠤᠷᠢ ᠰᠠᠭᠤᠭᠠᠯᠢ ᠠᠷᠠᠤᠨ | ᠤᠨ ᠠᠰᠠᠷ ᠤᠨ ᠭᠤᠤᠯ ᠴᠤᠭᠴᠠ ᠶᠢᠨ ᠪᠠᠷᠢᠯᠭ᠎ᠠ ᠶᠢ ᠪᠠᠷᠢᠵᠦ ᠪᠠᠷᠠᠨ ᠂ ᠵᠢᠯ ᠤᠨ ᠰᠠᠬᠦᠯᠴᠢ ᠳᠤ ᠠᠰᠢᠭᠯᠠᠯᠳᠠ ᠳᠤ | ᠤᠷᠤᠭᠤᠯᠬᠤ ᠪᠠᠷ ᠴᠢᠷᠮᠠᠶᠢᠵᠦ ᠪᠠᠶᠢᠨ᠎ᠠ᠃ | | | | |