ᠪᠦᠬᠦ ᠬᠤᠰᠢᠭᠤᠨ ᠤ ᠶᠠᠳᠠᠭᠤ ᠶᠢ ᠲᠡᠳᠬᠦᠬᠦ ᠠᠵᠢᠯ ᠳᠠᠬᠢ ᠬᠡᠪ ᠰᠤᠷᠳᠠᠯ ᠤᠨ ᠠᠰᠠᠭᠤᠳᠠᠯ ᠢ ᠲᠤᠰᠬᠠᠢ ᠲᠦᠷᠦᠯ ᠢᠶᠠᠷ ᠵᠠᠰᠠᠨ ᠴᠡᠭᠴᠡᠯᠡᠬᠦ ᠠᠵᠢᠯᠯᠠᠭ᠎ᠠ ᠶᠢ ᠦᠷᠨᠢᠬᠦᠯᠬᠦ ᠲᠠᠶᠢᠴᠢᠯᠠᠯᠳᠠ ᠶᠢᠨ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2018/5/31
  ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠲᠠᠷᠤᠭ᠎ᠠ ᠪᠦᠷᠢᠨᠵᠢᠨ ᠵᠢᠭᠠᠭᠰᠠᠨ ᠨᠢ᠄ ᠤᠳᠤᠬᠠᠨ
 ᠳᠤ᠂ ᠳᠠᠩᠰᠠᠯᠠᠭᠳᠠᠭᠰᠠᠨ ᠶᠠᠳᠠᠭᠤ ᠬᠦᠮᠦᠨ ᠠᠮᠠ ᠪᠦᠬᠦ ᠬᠤᠰᠢᠭᠤᠨ ᠳᠤ  637 ᠡᠷᠦᠬᠡ ᠶᠢᠨ 1646 ᠬᠦᠮᠤᠨ  
ᠪᠣᠢ᠃ ᠮᠠᠨ ᠤᠨ ᠬᠤᠰᠢᠭᠤ ᠡᠨᠡ ᠵᠢᠯ ᠶᠠᠳᠠᠭᠤ ᠶᠢᠨ ᠮᠠᠯᠠᠭᠠᠢ ᠪᠠᠨ  ᠲᠠᠶᠠᠭᠳᠠᠬᠤ ᠬᠠᠷᠠᠯᠳᠠ ᠲᠠᠢ ᠪᠤᠯᠬᠤᠷ ᠴᠠᠭ
ᠪᠠᠴᠢᠮ ᠡᠬᠦᠷᠬᠡ ᠬᠦᠨᠳᠤ᠃ ᠡᠯ᠎ᠡ ᠰᠠᠯᠠᠭ᠎ᠠ ᠮᠦᠴᠢᠷ ᠲᠤ ᠬᠡᠪ ᠰᠤᠷᠳᠠᠯ ᠤᠨ ᠠᠰᠠᠭᠤᠳᠠᠯ ᠮᠦᠨᠬᠦ ᠤᠷᠤᠰᠢᠵᠤ᠂
ᠭᠤᠤᠯᠳᠠᠭᠤ ᠦᠵᠡᠯᠳᠠ ᠲᠠᠨᠢᠯᠳᠠ ᠦᠨᠳᠤᠷ ᠪᠤᠰᠤ᠂ ᠠᠵᠢᠯ ᠨᠠᠷᠢᠯᠢᠭ ᠪᠤᠰᠤ᠂ ᠬᠡᠪ ᠰᠤᠷᠳᠠᠯ ᠦᠨᠳᠤᠷ ᠪᠤᠰᠤ᠂
ᠴᠢᠳᠠᠪᠤᠷᠢ ᠬᠦᠷᠦᠯᠴᠡᠬᠦ ᠦᠬᠡᠢ ᠬᠡᠬᠦ ᠵᠡᠷᠬᠡ ᠠᠰᠠᠭᠤᠳᠠᠯ ᠤᠳ ᠤᠷᠤᠰᠢᠵᠤ ᠪᠤᠢ᠃ ᠡᠶᠢᠮᠤ ᠠᠴᠠ ᠬᠤᠶᠢᠰᠢᠳᠠ ᠶᠢᠨ
ᠠᠵᠢᠯ ᠲᠤᠮᠳᠠ ᠪᠠᠨ ᠦᠵᠡᠯ ᠰᠠᠨᠠᠭ᠎ᠠ ᠪᠠᠨ ᠬᠦᠨᠵᠡᠬᠡᠶᠢᠷᠡᠬᠦᠯᠵᠤ᠂ ᠤᠯᠤᠰ ᠲᠦᠷᠦ ᠶᠢᠨ ᠵᠤᠭᠰᠤᠴᠠ ᠪᠠᠨ
ᠦᠨᠳᠤᠷᠵᠢᠬᠦᠯᠤᠨ᠂ ᠲᠤᠰᠬᠠᠢ ᠲᠦᠷᠦᠯ ᠤᠨ ᠵᠠᠰᠠᠨ ᠴᠡᠭᠴᠡᠯᠡᠬᠦ ᠠᠵᠢᠯᠯᠠᠭ᠎ᠠ ᠶᠢ ᠲᠦᠯᠬᠢᠨ ᠠᠬᠢᠭᠤᠯᠬᠤ ᠬᠡᠷᠡᠭᠳᠡᠢ︔
ᠬᠦᠴᠦᠨ ᠴᠢᠳᠠᠯ ᠢᠶᠠᠨ ᠲᠦᠪᠯᠡᠷᠡᠬᠦᠯᠦᠨ ᠶᠠᠳᠠᠭᠤ ᠶᠢ ᠲᠡᠳᠬᠦᠬᠦ ᠠᠵᠢᠯ ᠳᠠᠬᠢ ᠬᠡᠪ ᠰᠤᠷᠳᠠᠯ ᠤᠨ ᠠᠰᠠᠭᠤᠳᠠᠯ ᠢᠶᠠᠨ
ᠵᠠᠰᠠᠨ ᠴᠡᠭᠴᠡᠯᠡᠬᠦ ᠬᠡᠷᠡᠭᠳᠡᠢ ᠬᠡᠵᠠᠢ᠃
  ᠬᠤᠷᠠᠯ ᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠤᠬᠢᠶᠠᠨ ᠪᠠᠶᠢᠭᠤᠯᠬᠤ ᠬᠡᠯᠳᠡᠰ ᠤᠨ
ᠲᠠᠷᠤᠭ᠎ᠠ ᠸᠠᠩ ᠰᠢᠤ ᠬᠠᠢ ᠠᠴᠠ  ︽ᠰᠦᠨᠢᠳ ᠪᠠᠷᠠᠭᠤᠨ ᠬᠤᠰᠢᠭᠤᠨ ᠤ ᠶᠠᠳᠠᠭᠤ ᠶᠢ ᠲᠡᠳᠬᠦᠬᠦ ᠠᠵᠢᠯ ᠳᠠᠬᠢ ᠬᠡᠪ
ᠰᠤᠷᠳᠠᠯ ᠤᠨ ᠠᠰᠠᠭᠤᠳᠠᠯ ᠢ ᠲᠤᠰᠬᠠᠢ ᠲᠦᠷᠦᠯ ᠢᠶᠠᠷ ᠵᠠᠰᠠᠨ ᠴᠡᠭᠴᠡᠯᠡᠬᠦ  ᠠᠵᠢᠯᠯᠠᠭᠠᠨ ᠤ ᠬᠡᠷᠡᠭᠵᠢᠬᠦᠯᠬᠦ ᠲᠦᠰᠦᠪ︾
 ᠶᠢ ᠤᠩᠰᠢᠨ ᠨᠡᠶᠢᠳᠡᠯᠡᠪᠡ᠃ ᠲᠦᠰᠦᠪ   ᠲᠤ ᠡᠯ᠎ᠡ ᠬᠤᠯᠪᠤᠭᠳᠠᠯ ᠪᠦᠬᠦᠢ ᠬᠠᠷᠢᠭᠤᠴᠠᠯᠭᠠᠳᠠᠳ ᠢ ᠠᠵᠢᠯ ᠤᠨ ᠡᠯ᠎ᠡ
ᠭᠤᠭᠴᠤᠭᠠᠨ ᠳᠤ ᠤᠷᠤᠰᠢᠵᠤ ᠪᠦᠬᠦᠢ ᠠᠰᠠᠭᠤᠳᠠᠯ ᠢ ᠡᠷᠢᠨ ᠭᠠᠷᠭᠠᠵᠤ᠂ ᠡᠬᠦᠷᠬᠡ ᠬᠠᠷᠢᠭᠤᠴᠠᠯᠭ᠎ᠠ ᠪᠠᠨ
ᠲᠤᠪᠤᠶᠢᠯᠭᠠᠨ᠂ ᠲᠤᠰᠬᠠᠢ ᠲᠦᠷᠦᠯ ᠤᠨ ᠵᠠᠰᠠᠨ ᠴᠡᠭᠴᠡᠯᠡᠯᠳᠠ ᠦᠷᠨᠢᠬᠦᠯᠵᠤ᠂ ᠲᠤᠭᠳᠠᠭᠰᠠᠨ ᠬᠤᠭᠤᠴᠠᠭᠠᠨ ᠳᠤ
ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠠᠵᠢᠯ ᠤᠨ ᠡᠬᠦᠷᠬᠡ ᠬᠠᠷᠠᠯᠳᠠ ᠪᠠᠨ ᠪᠶᠡᠯᠡᠬᠦᠯᠬᠦ ᠶᠢ
ᠱᠠᠭᠠᠷᠳᠠᠵᠠᠢ᠃ ᠭᠤᠤᠯᠳᠠᠭᠤ ︿ᠲᠦᠷᠪᠡᠨ ᠦᠵᠡᠯ ᠤᠬᠠᠮᠰᠠᠷ﹀  ᠴᠢᠩᠭ᠎ᠠ ᠪᠤᠰᠤ᠂ ᠲᠦᠷᠤ ᠶᠢᠨ ᠪᠤᠳᠤᠯᠭ᠎ᠠ ᠶᠢ
ᠲᠦᠢᠯᠪᠤᠷᠢᠳᠠᠢ ᠨᠠᠶᠢᠳᠠᠪᠤᠷᠢᠵᠢᠭᠤᠯᠤᠭᠰᠠᠨ ᠦᠬᠡᠢ᠂ ᠡᠬᠦᠷᠬᠡ ᠬᠠᠷᠢᠭᠤᠴᠠᠯᠭ᠎ᠠ ᠪᠠᠨ ᠰᠠᠶᠢᠲᠤᠷ ᠬᠦᠢᠴᠡᠳᠬᠡᠭᠰᠡᠨ
ᠦᠬᠡᠢ  ᠂  ᠤᠨᠤᠴᠢ ᠲᠠᠢ ᠢᠯᠭᠠᠨ ᠲᠠᠨᠢᠭᠰᠠᠨ ᠦᠬᠡᠢ᠂   ᠤᠨᠤᠴᠢ ᠲᠠᠢ ᠬᠠᠪᠰᠤᠷᠤᠨ ᠲᠡᠳᠬᠦᠭᠰᠡᠨ ᠦᠬᠡᠢ᠂ ᠪᠡᠯᠡ
ᠮᠦᠩᠬᠦ ᠶᠢ ᠦᠷ᠎ᠡ ᠪᠦᠳᠦᠮᠵᠢ ᠲᠠᠢ ᠬᠡᠷᠡᠭᠯᠡᠭᠰᠡᠨ ᠦᠬᠡᠢ  ᠂  ᠴᠠᠭ ᠲᠤᠬᠠᠢ ᠳᠤᠨᠢ ᠠᠵᠢᠯ ᠪᠠᠶᠢᠴᠠᠭᠠᠵᠤ ᠵᠢᠭᠠᠨ
ᠵᠢᠯᠤᠭᠤᠳᠤᠭᠰᠠᠨ ᠦᠬᠡᠢ ᠵᠡᠷᠬᠡ ᠠᠰᠠᠭᠤᠳᠠᠯ   ᠢ ᠢᠯᠭᠠᠨ ᠲᠠᠨᠢᠵᠦ ᠵᠠᠰᠠᠨ ᠴᠡᠭᠴᠡᠯᠡᠬᠦ ᠬᠡᠷᠡᠭᠳᠠᠢ᠃ ᠠᠵᠢᠯᠯᠠᠭ᠎ᠠ ᠨᠢ
ᠤᠳᠤᠬᠠᠨ ᠠᠴᠠ ᠳᠠᠷᠠᠭ᠎ᠠ ᠵᠢᠯ ᠪᠤᠯᠳᠠᠯ᠎ᠠ᠂ ᠲᠠᠶᠢᠴᠢᠯᠠᠨ ᠪᠠᠶᠢᠷᠢᠯᠠᠭᠤᠯᠬᠤ᠂ ᠦᠪᠡᠷ ᠢ ᠪᠠᠨ ᠪᠠᠶᠢᠴᠠᠭᠠᠨ ᠵᠠᠯᠠᠷᠠᠭᠤᠯᠬᠤ
᠂ ᠬᠢᠨᠠᠨ ᠪᠠᠶᠢᠴᠠᠭᠠᠯᠳᠠ ᠬᠢᠬᠦ᠂ ᠳ᠋ᠦᠩᠨᠡᠯᠳᠠ ᠬᠢᠬᠦ᠂  ᠪᠠᠶᠢᠩᠭᠤᠴᠢᠯᠠᠭᠰᠠᠨ ᠵᠠᠰᠠᠯᠳᠠ ᠬᠢᠬᠦ ᠬᠡᠬᠦ ᠲᠠᠪᠤᠨ ᠱᠠᠳᠤ  
ᠬᠤᠪᠢᠶᠠᠨ ᠶᠠᠪᠤᠭᠳᠠᠨ᠎ᠠ᠃ ᠲᠦᠰᠤᠪ ᠲᠤ ᠡᠯ᠎ᠡ ᠰᠠᠯᠠᠭ᠎ᠠ ᠮᠦᠴᠢᠷ ᠤᠨ ᠬᠢᠨ ᠢ ᠤᠳᠤᠷᠢᠳᠤᠯᠭ᠎ᠠ ᠪᠠᠨ ᠵᠤᠬᠢᠶᠠᠨ
ᠪᠠᠶᠢᠭᠤᠯᠵᠤ᠂ ᠡᠬᠦᠷᠬᠡ ᠬᠠᠷᠢᠭᠤᠴᠠᠯᠭ᠎ᠠ ᠪᠠᠨ ᠴᠢᠩᠭᠠᠳᠬᠠᠨ᠂  ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂
ᠠᠵᠢᠯᠯᠠᠬᠤ ᠪᠠᠶᠢᠭᠤᠯᠤᠮᠵᠢ ᠪᠠᠨ ᠪᠦᠷᠢᠨᠰᠢᠬᠦᠯᠦᠨ᠂ ᠠᠵᠢᠯ ᠤᠨ ᠤᠷᠤᠭᠰᠢᠳᠠᠢ ᠶᠠᠪᠤᠭᠳᠠᠬᠤ ᠶᠢ ᠪᠠᠳᠤᠯᠠᠬᠤ ᠶᠢ
ᠱᠠᠭᠠᠷᠳᠠᠭᠰᠠᠨ ᠪᠠᠶᠢᠨ᠎ᠠ᠃
  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ
ᠱᠦᠵᠢ ᠮᠦᠩᠬᠦᠨᠱᠠ ᠬᠤᠷᠠᠯ ᠡᠷᠬᠢᠯᠡᠵᠤ᠂ ᠤᠯᠠᠨ ᠢ ᠦᠵᠡᠯᠳᠠ ᠲᠠᠨᠢᠯᠳᠠ ᠪᠠᠨ ᠨᠢᠬᠡᠳᠬᠡᠵᠤ᠂ ᠡᠬᠦᠷᠬᠡ
ᠬᠠᠷᠢᠭᠤᠴᠠᠯᠭ᠎ᠠ ᠪᠠᠨ ᠲᠤᠳᠤᠷᠬᠠᠶᠢᠯᠠᠨ᠂ ᠬᠤᠯᠪᠤᠭᠳᠠᠯ ᠪᠦᠬᠦᠢ ᠱᠠᠭᠠᠷᠳᠠᠯᠠᠭ᠎ᠠ ᠶᠤᠰᠤᠭᠠᠷ ᠤᠷᠤᠰᠢᠵᠤ ᠪᠠᠶᠢᠭ᠎ᠠ
ᠠᠰᠠᠭᠤᠳᠠᠯ ᠢᠶᠠᠨ ᠵᠠᠰᠠᠨ ᠴᠡᠭᠴᠡᠯᠡᠬᠦ ᠶᠢ  ᠱᠠᠭᠠᠷᠳᠠᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号