ᠳᠠᠯ᠎ᠠ ᠨᠤᠳᠤᠭ ᠲᠤ ᠦᠨᠳᠦᠰᠦᠯᠡᠭᠰᠡᠨ ᠶᠠᠳᠠᠭᠤ ᠶᠢ ᠳᠡᠳᠬᠦᠬᠦ ᠰᠠᠶᠢᠨ ᠳᠤᠷ᠎ᠠ ᠶᠢᠨ ᠡᠩᠨᠡᠭᠡ — ᠤᠯᠠᠭᠠᠨᠮᠦ᠋ᠴᠢᠷ
ᠨᠡᠶᠢᠲᠡᠯᠡᠭᠰᠡᠨ ᠴᠠᠭ᠄
2019/10/18
                                ᠬᠠᠮ ᠵᠠᠭᠤᠴᠢᠯᠠᠭᠤᠷ ᠤᠨ ᠰᠤᠷᠪᠤᠯᠵᠢᠯᠠᠭᠴᠢ᠄ ᠳᠡᠯᠭᠡᠷᠴᠡᠴᠡᠭ᠂ ᠳᠠᠩᠨᠠᠢ    ᠰᠦᠨᠢᠳ ᠪᠠᠷᠠᠭᠤᠨ ᠬᠤᠰᠢᠭᠤᠨ ᠤ ᠤᠯᠠᠭᠠᠠᠮᠦ᠋ᠴᠢᠷ ᠤᠨ ᠬᠢᠨ ᠭᠡᠵᠦ᠂ ᠤᠷᠠᠨ ᠰᠠᠶᠢᠬᠠᠨ ᠤ ᠳᠤᠭᠯᠠᠯᠳᠠ ᠪᠠ ᠰᠠᠶᠢᠨ ᠳᠤᠷ᠎ᠠ ᠶᠢᠨ ᠦᠢᠯᠡᠴᠢᠯᠡᠭᠡ ᠪᠠᠷ ᠢᠶᠠᠨ ᠶᠠᠲᠠᠭᠤ ᠶᠢ ᠳᠡᠳᠬᠦᠬᠦ ᠠᠵᠢᠯ ᠤᠨ ᠡᠮᠦᠨ᠎ᠡ ᠹᠠᠷᠤᠨᠲ ᠳᠤ ᠭᠠᠪᠰᠢᠭᠠᠶᠢᠯᠠᠨ᠂ ᠶᠤᠰᠤᠲᠠᠢ ᠯᠠ ︽ᠠᠯᠲᠠᠨ ᠬᠠᠶᠢᠷᠭᠤᠴᠠᠢ︾ ᠰᠢᠭ ᠤᠶᠠᠩᠭ᠎ᠠ ᠲᠠᠢ᠂ ︽ᠠᠷᠠᠯ ᠤᠨ ᠱᠠᠷ︾ ᠮᠡᠲᠦ ᠵᠢᠳᠭᠦᠯ ᠲᠠᠢ ᠠᠷᠠᠳ ᠲᠦᠮᠡᠨ ᠤ ᠢᠶᠠᠨ ᠰᠡᠳᠬᠢᠯ ᠤᠨ ᠰᠠᠶᠢᠨ ᠬᠠᠨᠢ ᠪᠤᠯᠵᠤ ᠪᠠᠶᠢᠨ᠎ᠠ᠃    ᠪᠦᠭᠦ ᠤᠯᠤᠰ ᠤᠨ ᠵᠢᠷᠭᠤᠳᠤᠭᠠᠷ ᠤᠲᠠᠭᠠᠨ ᠤ ᠶᠠᠳᠠᠭᠤ ᠶᠢ ᠳᠡᠳᠬᠦᠬᠦ ᠡᠳᠦᠷ᠂ ᠮᠠᠨ ᠤ ᠬᠤᠰᠢᠭᠤᠨ ᠤ ᠤᠯᠠᠭᠠᠠᠮᠦ᠋ᠴᠢᠷ ᠤᠨ ᠭᠡᠰᠢᠬᠦᠳ ᠰᠠᠶᠢᠬᠠᠠᠦ᠋ᠯᠵᠡᠢ ᠰᠤᠮᠤᠨ ᠤ ᠡᠬᠢᠨ᠋ᠠᠤᠰᠤ ᠭᠠᠴᠠᠭᠠᠨ ᠳᠤ ᠬᠦᠷᠴᠦ᠂ ᠮᠠᠯᠴᠢᠨ ᠲᠦᠮᠡᠨ  ᠳᠤ ᠪᠠᠨ ᠤᠷᠠᠨ ᠰᠠᠶᠢᠬᠠᠨ ᠤ ᠳᠤᠭᠯᠠᠯᠳᠠ ᠪᠠᠨ ᠡᠷᠭᠦᠨ ᠪᠠᠷᠢᠭᠰᠠᠨ ᠤ ᠬᠠᠮᠳᠤ᠂ ᠲᠦᠷᠦᠭᠦᠭᠡᠨ ᠬᠦᠷᠳᠡᠭᠰᠡᠨ ︽ᠪᠦᠬᠦ ᠤᠯᠤᠰ ᠤᠨ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠵᠢᠱᠢᠶᠡᠴᠢ ᠬᠠᠮᠳᠤ ᠨᠠᠶᠢᠳᠡ︾ ᠪᠠ ︽ᠬᠠᠮᠤᠭ ᠤᠨ ᠭᠤᠶᠤ ᠡᠷᠡᠯᠭᠡᠭᠯᠡᠨ ᠳᠡᠮᠡᠴᠡᠭᠴᠢ︾ ᠶᠢᠨ ᠢᠷᠠᠭᠤ ᠠᠯᠳᠠᠷ ᠤᠨ ᠢᠶᠠᠨ ᠳᠤᠬᠠᠢ ᠰᠡᠳᠬᠢᠭᠲᠡᠯ ᠢᠶᠠᠨ ᠬᠤᠪᠢᠶᠠᠯᠴᠠᠯ᠎ᠠ᠃    ᠡᠭᠦᠨ ᠠᠴᠠ ᠭᠠᠲᠠᠨ᠎ᠠ᠂ ᠤᠨᠤᠪᠴᠢᠲᠠᠢ ᠪᠠᠷ ᠶᠠᠳᠠᠭᠤ ᠶᠢ ᠳᠡᠳᠬᠦᠬᠦ ᠠᠵᠢᠯ ᠤᠨ ᠪᠤᠳᠠᠳᠤ ᠪᠠᠶᠢᠳᠠᠯ ᠢ ᠬᠠᠷᠠᠭᠤᠯᠤᠭᠰᠠᠨ ︽ᠱᠠᠭᠠᠵᠠᠭᠠᠢ ᠶᠠᠭᠤᠨ ᠳᠤ ᠱᠠᠭᠰᠢᠪᠠ︾ ᠭᠡᠬᠦ ᠱᠤᠭ ᠵᠦᠴᠦᠬᠡ ᠨᠢ᠂ ᠠᠯᠵᠠᠭᠤ ᠬᠤᠶᠢᠷᠭᠤ ᠠᠷᠠᠳ ᠤᠨ ᠬᠦᠳᠡᠯᠮᠦᠷᠢ ᠵᠢᠳᠬᠦᠯ ᠢᠶᠠᠷ ᠢᠶᠠᠨ ᠴᠢᠨᠡᠭᠡᠯᠢᠭᠵᠢᠵᠦ᠂ ᠬᠠᠪᠢ ᠲᠦᠰᠦᠷ ᠤᠨ ᠮᠠᠯᠴᠢᠳ ᠤᠨ ᠢᠶᠠᠨ ᠠᠮᠢᠳᠤᠷᠠᠯ ᠦᠢᠯᠡᠰ ᠢᠶᠠᠨ ᠦᠭᠡᠳᠡ ᠨᠢ ᠳᠠᠳᠠᠬᠤ ᠶᠢ ᠵᠤᠷᠢᠭᠵᠢᠭᠤᠯᠤᠭᠰᠠᠨ ᠦᠯᠢᠭᠡᠷ ᠦᠢᠯᠡ ᠶᠠᠪᠤᠳᠠᠯ ᠢ ᠶᠦᠮᠦᠷᠯᠢᠭ ᠢᠶᠠᠷ ᠳᠤᠰᠬᠠᠨ᠂ ᠮᠠᠯᠴᠢᠨ ᠲᠦᠮᠡᠨ ᠤ ᠬᠠᠯᠠᠭᠤᠨ ᠬᠦᠷᠢᠶᠡᠯᠡᠯ ᠢ ᠤᠯᠤᠭᠰᠠᠨ ᠪᠠᠶᠢᠨ᠎ᠠ᠃
       ᠤᠯᠠᠭᠠᠨᠮᠦ᠋ᠴᠢᠷ ᠨᠢ ᠦᠨᠳᠦᠰᠦᠨ ᠱᠠᠳᠤᠨ ᠤ ᠤᠯᠠᠨ ᠲᠦᠮᠡᠨ ᠳᠤ ᠦᠢᠯᠡᠴᠢᠯᠡᠭᠴᠢ ᠶᠢᠨ ᠲᠦᠯᠦᠭᠡᠯᠡᠯ ᠪᠤᠯᠵᠤ᠂ ᠤᠯᠠᠭᠠᠨᠮᠦ᠋ᠴᠢᠷ ᠤᠨ ᠵᠤᠷᠢᠭ ᠰᠠᠨᠠᠭ᠎ᠠ ᠪᠠᠷ ᠦᠷᠭᠡᠨ ᠤᠯᠠᠨ ᠲᠦᠮᠡᠨ ᠢ ᠵᠤᠷᠢᠭᠵᠢᠭᠤᠯᠤᠨ᠂ ᠨᠡᠩ ᠤᠯᠠᠨ ᠰᠠᠶᠢᠨ ᠳᠤᠷᠠᠴᠤᠳ ᠢ ᠳᠠᠯ᠎ᠠ ᠨᠤᠳᠤᠭ ᠤᠨ ᠤᠯᠠᠨ ᠲᠦᠮᠡᠨ ᠳᠤ ᠦᠢᠯᠡᠴᠢᠯᠡᠬᠦᠯᠦᠨ᠂ ᠰᠢᠨ᠎ᠡ ᠴᠠᠭ ᠦᠶ᠎ᠡ ᠶᠢᠨ ᠪᠤᠯᠪᠠᠰᠤᠨ ᠦᠢᠯᠡᠳᠦᠯᠬᠡ ᠶᠢᠨ ᠰᠠᠶᠢᠨ ᠳᠤᠷ᠎ᠠ ᠶᠢᠨ ᠦᠢᠯᠡᠴᠢᠯᠡᠬᠡᠨ ᠤ ᠠᠵᠢᠯᠯᠠᠭ᠎ᠠ ᠶᠢ ᠰᠦᠨᠢᠳ ᠤᠨ ᠳᠠᠯ᠎ᠠ ᠨᠤᠳᠤᠭ ᠤᠨ ᠦᠨᠴᠦᠭ ᠪᠦᠷᠢ ᠳᠤ ᠲᠦᠭᠡᠭᠡᠵᠦ ᠪᠠᠶᠢᠨ᠎ᠠ᠃
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号