︽ᠴᠢᠨᠳᠠᠭᠠᠨ ᠴᠠᠭᠠᠨ  ᠬᠥᠯᠦᠭ︾ ᠰᠡᠭᠦᠶᠢᠨ ᠰᠦᠨᠲᠡᠷᠯᠡᠯ᠎ᠡ
ᠨᠡᠶᠢᠲᠡᠯᠡᠭᠰᠡᠨ ᠴᠠᠭ᠄
2019/11/12
                                         ᠬᠠᠮ ᠵᠠᠭᠤᠴᠯᠠᠭᠤᠷ ᠤᠨ ᠰᠤᠷᠪᠤᠯᠵᠯᠠᠭᠴᠢ᠄ ᠢᠲᠡᠭᠡᠯ    11 ᠰᠠᠷ᠎ᠠ ᠶᠢᠨ 9 ᠤ ᠡᠳᠦᠷ᠂ ᠬᠤᠰᠢᠭᠤ ᠵᠠᠰᠠᠭ ᠤᠨ ᠣᠷᠳᠤᠨ ᠤ ᠡᠮᠦᠨ᠎ᠡ ᠲᠠᠯ᠎ᠠ ᠳᠤ ᠪᠠᠶᠢᠷᠢᠯᠠᠬᠤ ᠠᠭᠤᠳᠠᠮ ᠲᠠᠯᠠᠪᠠᠢ ᠳᠤ ᠴᠠᠭᠠᠨ ᠮᠣᠷᠢᠨ ᠤ ᠱᠤᠭᠤᠮᠠᠯ ᠤᠨ ᠪᠤᠰᠬᠠᠭᠲᠠᠭᠰᠠᠨ ᠢ ᠪᠡᠯᠭᠡᠯᠡᠬᠦ ᠦᠢᠯᠡ ᠠᠵᠢᠯᠯᠠᠭ᠎ᠠ ᠪᠤᠯᠵᠤ ᠦᠩᠭᠷᠡᠭᠰᠡᠨ ᠨᠢ᠂ ᠰᠥᠨᠢᠳ ᠨᠤᠲᠤᠭ ᠤᠨ ᠬᠦᠭᠵᠢᠯ ᠤᠨ ᠲᠡᠤᠬᠡᠨ ᠳᠠᠬᠢ ᠲᠡᠮᠲᠡᠭᠯᠡᠭᠦᠰᠢᠲᠡᠢ ᠶᠠᠪᠤᠲᠠᠯ ᠪᠤᠯᠬᠤ ᠶᠤᠮ᠃
 ᠰᠥᠨᠢᠳ ᠤᠨ ︽ᠴᠠᠭᠠᠨ ᠮᠤᠷᠢᠨ ᠱᠤᠭᠤᠮᠠᠯ︾ ᠤᠨ ᠲᠡᠤᠬᠡ᠄    ᠣᠳᠤ ᠠᠴᠠ 30 ᠵᠢᠯ ᠤᠨ ᠡᠮᠦᠨ᠎ᠡ᠂ ᠰᠠᠶᠢᠬᠠᠨᠲᠠᠯ᠎ᠠ ᠪᠠᠯᠭᠠᠰᠤᠨ ᠤ ᠰᠠᠶᠢᠬᠠᠨ ᠶᠡᠭᠡ ᠵᠡᠭᠡᠯᠢ ᠪᠣᠯᠤᠨ ᠳᠦᠭᠦᠷᠡᠩ ᠵᠠᠮ ᠤᠨ ᠠᠭᠤᠯᠵᠠᠭᠤᠷ ᠲᠤ ᠠᠩᠬ᠎ᠠ ᠪᠤᠰᠬᠠᠭᠲᠠᠭᠰᠠᠨ᠂ ᠲᠡᠷᠡ ᠨᠢᠭᠡᠨ ᠴᠠᠭ ᠦᠶ᠎ᠡ ᠶᠢᠨ ᠬᠦᠮᠦᠰ ᠤᠨ ᠲᠤᠷᠠᠰᠤᠮᠵᠢ ᠶᠢ ᠰᠠᠨᠠᠭᠳᠠᠭᠤᠯᠵᠤ ᠪᠠᠶᠢᠳᠠᠭ ᠴᠠᠭᠠᠨ ᠮᠣᠷᠢᠨ ᠤ ᠱᠤᠭᠤᠮᠠᠯ ᠨᠢ᠂ 1989 ᠣᠨ ᠤ ᠪᠦᠬᠦ ᠬᠤᠰᠢᠭᠤᠨ ᠤ ᠮᠠᠯ ᠤᠨ ᠲᠤᠭ᠎ᠠ ᠲᠣᠯᠣᠭᠠᠢ ᠵᠠᠭᠤᠨ ᠲᠦᠮᠡ ᠶᠢ ᠲᠠᠪᠠᠭᠰᠠᠨ ᠪᠠᠶᠠᠷ ᠪᠤᠯᠤᠨ ︽ᠪᠦᠬᠦ ᠣᠷᠤᠨ ᠤ ᠪᠣᠯᠪᠠᠰᠤᠨ ᠪᠠᠯᠭᠠᠰᠤ︾ ᠪᠠᠷ ᠴᠤᠯᠠᠯᠠᠭᠲᠠᠭᠰᠠᠨ ᠪᠠᠶᠠᠷᠲᠤ ᠶᠠᠪᠤᠲᠠᠯ ᠢ ᠲᠤᠷᠠᠰᠬᠠᠨ ᠲᠡᠮᠳᠡᠭᠯᠡᠬᠦ ᠶᠢᠨ ᠲᠥᠯᠦᠭᠡ ᠱᠤᠭᠤᠭᠲᠠᠭᠰᠠᠨ ᠪᠠᠶᠢᠵᠤ᠂ ᠦᠵᠦᠮᠦᠴᠢᠨ ᠨᠤᠲᠤᠭ ᠲᠠᠢ ᠠᠷᠠᠳ ᠤᠨ ᠤᠷᠠᠯᠢᠭᠴᠢᠨ ᠦᠨᠳᠦᠰᠦ ᠣᠷᠠᠯᠠᠨ ᠪᠦᠲᠦᠭᠡᠭᠰᠡᠨ ᠪᠢᠯᠡ᠃
   ᠰᠢᠨ᠎ᠡ ᠪᠠᠷ ᠪᠤᠰᠬᠠᠭᠲᠠᠭᠰᠠᠨ ︽ᠴᠠᠭᠠᠨ ᠮᠤᠷᠢᠨ ᠤ ᠱᠤᠭᠤᠮᠠᠯ︾ ᠢ ᠰᠦᠨᠢᠳ ᠪᠠᠷᠠᠭᠤᠨ ᠬᠤᠰᠢᠭᠤᠨ ᠤ ᠰᠠᠶᠢᠬᠠᠨ᠋ᠥ᠌ᠯᠵᠡᠢ ᠰᠣᠮᠣ ᠪᠠᠷ ᠨᠤᠲᠤᠭ ᠲᠠᠢ ᠣᠶᠤᠲᠠᠨ ᠵᠠᠯᠠᠭᠤ ᠰᠡᠯᠡᠭᠭᠡ ᠤᠷᠠᠯᠠᠨ ᠱᠤᠭᠤᠵᠤ᠂ ᠰᠠᠭᠤᠷᠢ ᠴᠢᠯᠠᠭᠤᠨ ᠳᠡᠭᠡᠷ᠎ᠡ ᠨᠢ ᠤᠭ ᠤᠨ ᠬᠢ ᠲᠠᠢ ᠨᠢ ᠠᠳᠠᠯᠢ ᠪᠠᠷ ᠲᠠᠪᠤᠨ ᠬᠤᠰᠢᠭᠤ ᠮᠠᠯ ᠤᠨ ᠵᠢᠷᠤᠭ ᠢ ᠰᠡᠶᠢᠯᠵᠡᠢ᠃
   ᠰᠦᠨᠢᠳ ᠲᠦᠮᠡᠨ ᠤ ᠲᠡᠥᠬᠡᠨ ᠴᠠᠭ ᠤᠨ ᠭᠡᠷᠡᠴᠢ᠂ ᠮᠠᠯ ᠰᠦᠷᠦᠭ ᠤᠨ ᠦᠨᠢᠷ ᠥᠰᠦᠯᠲᠡ ᠶᠢᠨ ᠪᠡᠯᠭᠡᠳᠡᠯ ᠪᠣᠯᠤᠭᠰᠠᠨ ᠴᠠᠭᠠᠨ ᠮᠣᠷᠢ ᠲᠡᠬᠢᠨᠳᠠ ᠰᠦᠨᠳᠡᠷᠯᠡᠬᠦ ᠪᠣᠯᠤᠯ᠎ᠠ ᠬᠡᠰᠡᠨ ᠰᠤᠷᠠᠭ ᠢᠶᠠᠷ ᠬᠦᠮᠦᠰ ᠤᠪᠤᠨ ᠴᠣᠪᠤᠨ ᠬᠦᠷᠴᠦ ᠢᠷᠡᠵᠦ ᠵᠢᠷᠤᠭ ᠰᠡᠭᠦᠳᠡᠷ ᠲᠠᠲᠠᠭᠤᠯᠵᠤ ᠪᠠᠶᠢᠭ᠎ᠠ ᠨᠢ ︽ᠴᠠᠭᠠᠨ ᠮᠣᠷᠢ︾ ᠬᠦᠮᠦᠰ ᠤᠨ ᠰᠡᠳᠬᠢᠯ ᠳᠤ ᠶᠠᠮᠠᠷᠬᠠᠨ ᠪᠠᠶᠢᠷᠢ ᠰᠠᠭᠤᠷᠢ ᠲᠠᠢ ᠪᠠᠶᠢᠭᠰᠠᠨ ᠢ ᠲᠣᠳᠤᠬᠠᠨ ᠬᠠᠷᠠᠵᠤ ᠪᠣᠯᠬᠤ ᠶᠤᠮ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号