ᠮᠠᠨ ᠤ ᠬᠤᠰᠢᠭᠤ ᠠᠷᠠᠳ ᠲᠦᠮᠡᠨ ᠤ ᠠᠮᠢᠲᠤᠷᠠᠯ ᠤᠨ ᠪᠠᠲᠤᠯᠠᠭᠠᠨ ᠳᠤ ᠬᠡᠲᠦᠢ ᠲᠦᠭᠦᠷᠢᠭ ᠵᠠᠷᠤᠴᠠᠭᠤᠯᠪᠠ︖
ᠨᠡᠶᠢᠲᠡᠯᠡᠭᠰᠡᠨ ᠴᠠᠭ᠄
2019/11/7
                                      ᠬᠠᠮ ᠵᠠᠭᠤᠴᠢᠯᠠᠭᠤᠷ ᠤᠨ ᠰᠤᠷᠪᠤᠯᠵᠢᠯᠠᠭᠴᠢ᠄ ᠳᠡᠯᠭᠡᠷᠴᠡᠴᠡᠭ    ᠤᠶᠢᠷ᠎ᠠ ᠶᠢᠨ ᠡᠳᠦᠷ ᠬᠤᠷᠠᠯᠲᠤᠭᠰᠠᠨ᠂ ᠮᠠᠨ ᠤ ᠬᠤᠰᠢᠭᠤᠨ ᠤ 2019 ᠤᠨ ᠤ ᠠᠷᠠᠳ ᠤᠨ ᠶᠠᠪᠤᠳᠠᠯ ᠤᠨ ᠠᠵᠢᠯ ᠤᠨ ᠰᠤᠨᠢᠨ ᠮᠡᠳᠡᠭᠡ ᠨᠠᠶᠢᠳᠠᠯᠠᠬᠦ ᠬᠤᠷᠠᠯ ᠠᠴᠠ ᠣᠶᠢᠯᠠᠭᠠᠭᠰᠠᠨ ᠢᠶᠠᠷ᠂ 11 ᠰᠠᠷ᠎ᠠ ᠪᠤᠯᠳᠠᠯ᠎ᠠ᠂ ᠮᠠᠨ ᠤ ᠬᠤᠰᠢᠭᠤ 2444 . 4 ᠲᠦᠮᠡᠨ ᠲᠦᠭᠦᠷᠢᠭ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠮᠦᠩᠭᠦ ᠳᠠᠷᠬᠠᠭᠠᠨ᠂ ᠵᠢᠷᠦᠬᠡ ᠶᠢᠨ ᠨᠡᠬᠦᠯᠬᠡᠨ ᠰᠢᠯᠵᠢᠬᠦᠯᠦᠭᠰᠡᠨ 354 ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠭᠠᠳᠤ ᠡᠷᠦᠬᠡ ᠶᠢᠨ 822 ᠬᠦᠮᠦᠨ ᠳᠤ ᠨᠡᠶᠢᠳᠡ 549 . 3 ᠲᠦᠮᠡᠨ ᠲᠦᠭᠦᠷᠢᠭ ᠳᠠᠷᠬᠠᠭᠠᠵᠤ᠂ ᠲᠦᠷ ᠠᠪᠤᠷᠠᠬᠤ 316 ᠡᠷᠦᠬᠡ ᠳᠤ 44 . 4 ᠲᠦᠮᠡᠨ ᠲᠦᠭᠦᠷᠢᠭ ᠲᠠᠷᠬᠠᠭᠠᠵᠠᠢ᠃
   5 ᠠᠴᠠ 8 ᠰᠠᠷ᠎ᠠ ᠪᠤᠯᠳᠠᠯ᠎ᠠ᠂ ᠤᠨᠴᠠ ᠬᠦᠴᠢᠷᠳᠡᠯᠳᠡᠢ ᠠᠰᠠᠷᠠᠨ ᠬᠠᠷᠠᠭᠠᠯᠵᠠᠬᠤ ᠬᠦᠮᠦᠰ ᠲᠤ 9200 ᠲᠦᠭᠦᠷᠢᠭ ᠤᠨ ᠲᠦᠷ ᠴᠠᠭ ᠤᠨ ᠨᠦᠬᠦᠪᠦᠷᠢ ᠳᠠᠷᠬᠠᠭᠠᠵᠤ᠂ ᠨᠢᠬᠡ ᠬᠤᠶᠠᠳᠤᠭᠠᠷ ᠤᠯᠠᠷᠢᠯ ᠳᠤ 3900 ᠲᠦᠬᠦᠷᠢᠭ  ᠤᠨ ᠴᠠᠬᠢᠯᠭᠠᠨ ᠤ ᠨᠦᠬᠦᠪᠦᠷᠢ ᠲᠠᠷᠬᠠᠭᠠᠨ᠂ ᠳᠡᠳᠡᠨ ᠢ ᠠᠰᠠᠷᠠᠨ ᠰᠤᠪᠢᠯᠠᠬᠤ ᠪᠦᠬᠦ ᠵᠢᠯ ᠤᠨ ᠨᠦᠬᠦᠪᠦᠷᠢ ᠶᠢ ᠨᠡᠶᠢᠳᠡ 23 ᠲᠦᠮᠡᠨ ᠲᠦᠭᠦᠷᠢᠭ ᠳᠠᠷᠬᠠᠭᠠᠵᠠᠢ᠃ ᠤᠨᠴᠠ ᠬᠦᠴᠢᠷᠳᠡᠯᠳᠡᠢ ᠠᠰᠠᠷᠠᠨ ᠬᠠᠷᠠᠭᠠᠯᠠᠬᠤ ᠬᠦᠮᠦᠰ ᠤᠨ ᠡᠨᠡ ᠵᠢᠯ  ᠤᠨ ᠠᠰᠠᠷᠠᠨ ᠬᠠᠷᠠᠭᠠᠯᠵᠠᠬᠤ ᠮᠦᠩᠭᠦ ᠨᠡᠶᠢᠳᠡ 194 .04 ᠲᠦᠮᠡᠨ ᠲᠦᠭᠦᠷᠢᠭ ᠢ ᠨᠢᠭᠡᠨᠳᠡ ᠪᠦᠬᠦᠨ ᠢ ᠳᠠᠷᠬᠠᠭᠠᠭᠰᠠᠨ ᠪᠠᠶᠢᠨ᠎ᠠ᠃
   ᠤᠳᠤᠬᠠᠨ ᠳᠤ ᠬᠤᠳᠠ ᠬᠦᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠪᠠᠷᠢᠮᠵᠢᠶ᠎ᠠ ᠰᠠᠷ᠎ᠠ ᠪᠤᠯᠭᠠᠨ ᠬᠦᠮᠦᠨ ᠪᠦᠷᠢ ᠶᠢᠨ 660 ᠲᠦᠭᠦᠷᠢᠭ ᠬᠦᠷᠴᠦ᠂ 2018 ᠤᠨ ᠤ᠂ ᠬᠤᠳᠠ ᠪᠠᠯᠭᠠᠰᠤ ᠪᠠ ᠬᠦᠳᠡᠭᠡ ᠳᠤᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠪᠠᠷᠢᠮᠵᠢᠶ᠎ᠠ ᠠᠴᠠ ᠳᠤᠰ ᠳᠤᠰ 1.5% ᠪᠠ 15.8% ᠪᠠᠷ ᠦᠰᠦᠭᠰᠡᠨ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号