ᠬᠠᠮ ᠵᠠᠭᠤᠴᠢᠯᠠᠭᠤᠷ ᠤᠨ ᠰᠣᠷᠪᠤᠯᠵᠢᠯᠠᠭᠴᠢ᠄ ᠰᠡᠷᠬᠦᠯᠡᠩ | ︽ᠰᠦᠨᠢᠳ ᠪᠠᠷᠠᠭᠤᠨ ᠬᠤᠰᠢᠭᠤᠨ ᠤ ᠤᠶᠢᠯᠠᠯᠭ᠎ᠠ ︵2011-2015︶︾ ᠶᠢᠨ ᠡᠬᠡ ᠨᠤᠤᠷᠠᠭ ᠢ ᠬᠢᠨᠡᠨ | ᠵᠦᠪᠯᠡᠨ ᠬᠢᠨᠡᠨ ᠲᠤᠭᠲᠠᠭᠠᠯᠲᠠ ᠬᠢᠬᠦ ᠪᠠᠷ ᠲᠠᠮᠵᠢᠨ᠂ ᠲᠤᠩ ᠤᠲᠠᠯ ᠦᠭᠡᠢ ᠬᠡᠪᠯᠡᠯ ᠳᠤ ᠲᠠᠪᠰᠢᠭᠦᠯᠭᠦ ᠪᠠᠷ ᠪᠠᠶᠢᠭ᠎ᠠ | ᠮᠡᠲᠡᠭᠡ ᠶᠢ ᠬᠦᠷᠭᠡᠶ᠎ᠡ᠃ | | | | ︽ᠰᠦᠨᠢᠳ ᠪᠠᠷᠠᠭᠤᠨ ᠬᠤᠰᠢᠭᠤᠨ ᠤ ᠤᠶᠢᠯᠠᠯᠭ᠎ᠠ ︵2011-2015︶︾ ᠶᠢ ᠬᠡᠪᠯᠡᠬᠦᠯᠬᠦ ᠪᠤᠯ ᠮᠠᠨ ᠤ | ᠬᠤᠰᠢᠭᠤᠨ ᠤ ᠰᠤᠶᠤᠯ ᠤᠨ ᠪᠠᠶᠢᠭᠤᠯᠤᠯᠳᠠ ᠶᠢᠨ ᠴᠢᠬᠤᠯᠠ ᠦᠷ᠎ᠡ ᠪᠦᠲᠦᠬᠡᠯ ᠮᠦᠷᠳᠡᠬᠡᠨ ᠪᠦᠬᠦ ᠤᠷᠤᠨ ᠤ | ᠤᠶᠢᠯᠠᠯᠭ᠎ᠠ ᠨᠠᠶᠢᠷᠠᠭᠤᠯᠬᠤ ᠠᠵᠢᠯ ᠤᠨ ᠲᠡᠮᠲᠡᠭᠯᠡᠭᠦᠰᠢᠲᠡᠢ ᠶᠠᠪᠤᠳᠠᠯ ᠪᠠᠶᠢᠵᠤ᠂ ᠮᠠᠨ ᠤ ᠬᠤᠰᠢᠭᠤᠨ ᠤ ᠪᠠᠶᠢᠭᠠᠯᠢ᠂ | ᠨᠡᠶᠢᠬᠡᠮ᠂ ᠤᠯᠤᠰ ᠲᠥᠷᠥ᠂ ᠠᠵᠤ ᠠᠬᠤᠢ᠂ ᠨᠡᠷᠡᠲᠦ ᠬᠦᠮᠦᠰ ᠵᠡᠷᠬᠡ ᠤᠯᠠᠨ ᠲᠠᠯ᠎ᠠ ᠶᠢ ᠬᠠᠮᠤᠷᠠᠭᠰᠠᠨ | ᠶᠡᠷᠦᠩᠬᠡᠶᠢᠡᠯᠭᠰᠡᠨ ᠴᠢᠨᠠᠷᠳᠠᠢ ᠳᠡᠮᠳᠡᠭᠯᠡᠯ ᠪᠤᠯᠬᠤ ᠶᠤᠮ᠃ | | | | | ︽ᠰᠦᠨᠢᠳ ᠪᠠᠷᠠᠭᠤᠨ ᠬᠤᠰᠢᠭᠤᠨ ᠤ ᠤᠶᠢᠯᠠᠯᠭ᠎ᠠ ︵2011--2015︶︾ ᠤᠨ ᠲᠠᠶᠢᠴᠢᠯᠠᠯᠳᠠ | ᠪᠠᠶᠢᠷᠢᠯᠠᠭᠤᠯᠤᠯᠳᠠ᠂ ᠮᠠᠲ᠋ᠧᠷᠢᠶᠠᠯ ᠴᠤᠭᠯᠠᠭᠤᠯᠬᠤ᠂ ᠨᠠᠶᠢᠷᠠᠭᠤᠯᠤᠨ ᠲᠤᠭᠤᠷᠪᠢᠬᠤ᠂ ᠬᠢᠨᠠᠨ ᠲᠤᠭᠳᠠᠭᠠᠬᠤ᠂ | ᠲᠠᠷᠤᠮᠯᠠᠨ ᠬᠡᠪᠯᠡᠬᠦᠯᠬᠦ ᠵᠡᠷᠬᠡ ᠲᠠᠪᠤᠨ ᠠᠯᠬᠤᠮ ᠤᠨ ᠡᠮᠦᠨ᠎ᠡ ᠭᠤᠷᠪᠠᠨ ᠠᠯᠬᠤᠮ ᠢ ᠨᠢᠬᠡᠨᠳᠡ ᠲᠠᠭᠤᠰᠬᠠᠵᠦ᠂ | ᠤᠶᠢᠯᠠᠯᠭ᠎ᠠ ᠠᠩᠬ᠎ᠠ ᠠᠯᠬᠤᠮ ᠲᠠᠭᠠᠨ ᠶᠡᠷᠡᠭᠡᠳ ᠲᠦᠮᠡᠨ ᠦᠰᠦᠭ ᠲᠤ ᠬᠦᠷᠦᠭᠡᠳ ᠪᠤᠢ᠃ |