ᠪᠠᠶᠠᠨᠲᠠᠯ᠎ᠠ ᠭᠠᠴᠠᠭᠠᠨ ᠳᠤ ᠪᠤᠯᠤᠭᠰᠠᠨ ᠪᠠᠭ᠋ᠠᠲᠤᠯᠲᠤ ᠶᠠᠪᠤᠲᠠᠯ
ᠨᠡᠶᠢᠲᠡᠯᠡᠭᠰᠡᠨ ᠴᠠᠭ᠄
2019/12/26
                            ᠬᠠᠮ ᠵᠠᠭᠤᠴᠢᠯᠠᠭᠤᠷ ᠤᠨ ᠰᠤᠷᠪᠤᠯᠵᠢᠯᠠᠭᠴᠢ᠄ ᠳᠡᠯᠭᠡᠷᠴᠡᠴᠡᠭ᠂ ᠲᠠᠩᠨᠠᠢ    ᠤᠶᠢᠷ᠎ᠠ ᠳᠤ᠂ ᠪᠠᠶᠠᠠᠲᠠᠯ᠎ᠠ ᠭᠠᠴᠠᠭᠠᠨ ᠤ ᠨᠠᠮ ᠤᠨ ᠭᠡᠰᠢᠬᠦᠨ ᠭᠤᠤᠯᠳᠠᠯᠭᠠᠳᠤ ᠡᠷᠦᠬᠡ ᠤᠶᠤᠨᠰᠡᠴᠡᠨ ᠤ ᠮᠤᠩᠭᠤᠯ ᠭᠡᠷ ᠲᠤ᠂ ᠤᠯᠠᠭᠠᠨᠮᠦ᠋ᠴᠢᠷ ᠤᠨ ᠭᠡᠰᠢᠬᠦᠳ ᠤᠶᠠᠩᠭ᠎ᠠ ᠳᠠᠭᠤᠤ᠂ ᠤᠷᠠᠨ ᠪᠦᠵᠢᠭ ᠢᠶᠠᠷ ᠢᠶᠠᠨ ᠮᠠᠯᠴᠢᠨ ᠤᠯᠠᠨ ᠢ ᠪᠠᠶᠠᠰᠬᠠᠵᠤ᠂ ᠰᠢᠨ᠎ᠡ ᠴᠠᠭ ᠦᠶ᠎ᠡ ᠶᠢᠨ ᠪᠤᠯᠪᠠᠰᠤᠨ ᠦᠢᠯᠡᠳᠦᠯᠬᠡ ᠶᠢ ᠳᠠᠯ᠎ᠠ ᠨᠤᠳᠤᠭ ᠲᠤ ᠠᠮᠢᠳᠤᠯᠢᠭ ᠎ ᠢᠶᠠᠷ ᠦᠢᠯᠡᠲᠦᠯᠭᠡᠵᠢᠭᠦᠯᠦᠯ᠎ᠡ᠃
   ᠪᠠᠶᠠᠨᠳᠠᠯ᠎ᠠ ᠭᠠᠴᠠᠭᠠᠨ ᠤ ᠳᠠᠷᠤᠭ᠎ᠠ ᠠᠴᠠ᠂ ︽ᠨᠠᠮ ᠤᠨ ᠤᠳᠤᠷᠢᠳᠬᠤ ᠳᠦᠷᠢᠮ ᠤᠨ ᠰᠢᠰᠲ᠋ᠧᠮ᠂ ᠬᠠᠤᠯᠢ ᠶᠣᠰᠣᠭᠠᠷ ᠤᠯᠤᠰ ᠢᠶᠠᠨ ᠵᠠᠰᠠᠬᠤ︾ ᠵᠡᠷᠭᠡ ᠤᠯᠠᠨ ᠳᠠᠯ᠎ᠠ ᠠᠴᠠ ᠨᠠᠮ ᠤᠨ ᠠᠷᠪᠠᠨ ᠶᠢᠰᠦᠳᠦᠭᠡᠷ ᠬᠤᠭᠤᠴᠠᠭᠠᠨ ᠤ ᠲᠦᠷᠪᠡᠳᠦᠭᠡᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠯ᠎ᠠ᠃
   ᠦᠨᠦᠳᠦᠷ ᠪᠤᠯᠬᠤ ᠳᠤ᠂ ᠤᠯᠠᠭᠠᠨᠮᠦ᠋ᠴᠢᠷ ᠤᠨ ᠭᠡᠰᠢᠬᠦᠳ ︽ᠳᠠᠯ᠎ᠠ ᠨᠤᠳᠤᠭ ᠤᠨ ᠬᠤᠪᠢᠰᠬᠠᠯᠳᠤ ᠤᠳᠬ᠎ᠠ ᠤᠷᠠᠯᠢᠭ ᠤᠨ ᠬᠦᠩᠭᠡᠨ ᠮᠤᠷᠢᠳᠤ ᠴᠡᠷᠢᠭ︾᠎ ᠤᠨ ᠰᠢᠨ᠎ᠡ ᠴᠠᠭ ᠦᠶ᠎ᠡ ᠶᠢᠨ ᠰᠢᠨ᠎ᠡ ᠡᠬᠦᠷᠭᠡ ᠶᠢ ᠬᠦᠯᠢᠶᠡᠨ ᠬᠠᠷᠢᠭᠤᠴᠠᠵᠤ᠂ ᠬᠤᠪᠢᠰᠬᠠᠯᠳᠤ ᠰᠤᠶᠤᠯ᠂ ᠦᠨᠳᠦᠰᠦᠳᠡᠨ ᠤ ᠰᠤᠶᠤᠯ ᠢ ᠤᠯᠠᠮᠵᠢᠯᠠᠨ᠂ ᠰᠢᠨ᠎ᠡ ᠴᠠᠭ ᠦᠶ᠎ᠡ ᠶᠢᠨ ᠪᠤᠯᠪᠠᠰᠤᠨ ᠦᠢᠯᠡᠳᠦᠯᠬᠡ ᠶᠢᠨ ᠲᠦᠪ ᠤᠨ ᠪᠠᠶᠢᠭᠤᠯᠤᠯᠳᠠ ᠶᠢ ᠦᠷᠭᠡᠳᠬᠡᠨ ᠬᠦᠨᠵᠡᠭᠡᠶᠢᠷᠡᠭᠦᠯᠭᠦ ᠪᠠᠷ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠳᠤᠰᠬᠤᠨ ᠭᠤᠷᠪᠠᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ᠂ ᠨᠠᠮ ᠤᠨ ᠬᠡᠰᠢᠬᠦᠨ ᠤ ᠭᠤᠤᠯᠳᠠᠯᠭᠠᠳᠤ ᠡᠷᠦᠬᠡ ᠳᠤ ᠲᠦᠰᠢᠭᠡᠯᠡᠨ᠂ ᠨᠡᠭᠦᠳᠡᠯ ᠬᠡᠯᠪᠡᠷᠢ ᠶᠢᠨ ᠰᠠᠶᠢᠨ ᠳᠤᠷ᠎ᠠ ᠶᠢᠨ ᠦᠢᠯᠡᠴᠢᠯᠡᠭᠡ ᠎ ᠶᠢ ᠵᠠᠮ ᠨᠡᠪᠳᠡᠷᠡᠯᠭᠡ ᠲᠦᠭᠦᠮ ᠦᠬᠡᠢ᠂ ᠬᠦᠮᠦᠨ ᠠᠮᠠ ᠳᠠᠷᠬᠠᠢ ᠪᠤᠳᠠᠷᠬᠠᠢ ᠵᠢᠴᠢ ᠰᠠᠭᠤᠷᠢ ᠪᠦᠲᠦᠭᠡᠨ ᠪᠠᠶᠢᠭᠤᠯᠤᠯᠳᠠ ᠠᠨᠠᠢ ᠭᠠᠵᠠᠷ ᠤᠷᠤᠨ ᠵᠢᠴᠢ ᠬᠢᠯᠢ ᠶᠢᠨ ᠬᠠᠷᠠᠭᠤᠯ ᠤᠨ ᠭᠠᠵᠠᠷ ᠤᠨ ᠦᠨᠳᠦᠰᠦᠨ ᠱᠠᠳᠤᠨ ᠤ ᠤᠯᠠᠨ ᠲᠦᠮᠡᠨ ᠳᠤ ᠬᠦᠷᠭᠡᠨ᠂ ᠰᠢᠨ᠎ᠡ ᠴᠠᠭ ᠦᠶ᠎ᠡ ᠶᠢᠨ ᠪᠤᠯᠪᠠᠰᠤᠨ ᠦᠢᠯᠡᠳᠦᠯᠬᠡ ᠶᠢᠨ ᠲᠤᠭ ᠢ ᠳᠠᠯ᠎ᠠ ᠨᠤᠳᠤᠭ ᠤᠨ ᠦᠨᠴᠦᠭ ᠪᠤᠯᠭᠠᠨ ᠳᠤ ᠨᠠᠮᠢᠷᠠᠭᠤᠯᠵᠤ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号