ᠥᠪᠡᠷᠲᠡᠭᠡᠨ ᠵᠠᠰᠠᠬᠤ ᠤᠷᠤᠨ ᠤ ︽ᠬᠠᠮᠤᠭ ᠤᠨ ᠰᠠᠶᠢᠬᠠᠨ ᠴᠡᠷᠢᠭ ᠠᠴᠠ ᠬᠠᠯᠠᠭᠲᠠᠭᠰᠠᠳ︾ ᠤᠨ ᠢᠷᠠᠭᠤ ᠠᠯᠳᠠᠷ ᠢ ᠬᠦᠷᠲᠡᠭᠴᠢ - ᠵᠤᠤ ᠰᠢᠨ
ᠨᠡᠶᠢᠲᠡᠯᠡᠭᠰᠡᠨ ᠴᠠᠭ᠄
2019/12/30
     ᠥᠨᠦᠲᠦᠷ ᠬᠦᠬᠡᠬᠤᠲᠠ ᠳᠤ᠂ ᠥᠪᠡᠷᠲᠡᠭᠡᠨ ᠵᠠᠰᠠᠬᠤ ᠤᠷᠤᠨ ᠤ ᠠᠩᠬᠠᠲᠤᠭᠠᠷ ᠬᠤᠭᠤᠴᠠᠭᠠᠨ ᠤ ︽ᠬᠠᠮᠤᠭ  ᠤᠨ ᠰᠠᠶᠢᠬᠠᠨ ᠴᠡᠷᠢᠭ ᠠᠴᠠ ᠬᠠᠯᠠᠭᠲᠠᠭᠰᠠᠳ︾ ᠢ ᠰᠠᠶᠢᠰᠢᠶᠠᠨ ᠬᠥᠬᠢᠭᠦᠯᠬᠦ ᠶᠤᠰᠤᠯᠠᠯ ᠶᠠᠪᠤᠭᠲᠠᠨ᠂ ᠬᠤᠷᠢᠨ ᠴᠡᠷᠢᠭ ᠬᠦᠮᠦᠨ ᠤ ᠡᠷᠬᠢᠮ ᠠᠯᠲᠠᠷ ᠢᠶᠠᠷ ᠡᠨᠡᠭᠡᠨ ᠨᠠᠰᠤ ᠪᠠᠨ ᠭᠤᠶᠤᠭᠰᠠᠨ ᠲᠡᠷᠢᠭᠦᠨ ᠤ ᠬᠦᠮᠦᠰ ᠢ ᠰᠠᠶᠢᠰᠢᠶᠠᠯ᠎ᠠ᠃ ᠡᠲᠡᠭᠡᠷ  ᠤᠨ ᠲᠤᠮᠲᠠᠬᠢ ᠵᠤᠤ ᠰᠢᠨ ᠪᠤᠯ ᠮᠠᠨ ᠤ ᠬᠤᠰᠢᠭᠤᠨ ᠠᠴᠠ ᠲᠤᠲᠤᠷᠠᠭᠰᠠᠨ ᠬᠠᠮᠤᠭ ᠤᠨ ᠰᠠᠶᠢᠬᠠᠨ ᠴᠡᠷᠢᠭ ᠠᠴᠠ ᠬᠠᠯᠠᠭᠲᠠᠭᠰᠠᠨ ᠵᠢᠱᠢᠶᠡᠴᠢ ᠪᠤᠯᠬᠤ ᠶᠤᠮ᠃
     1989 ᠤᠨ ᠤ ᠭᠤᠷᠪᠠᠨ ᠰᠠᠷ᠎ᠠ ᠳᠤ ᠴᠡᠷᠢᠭ ᠲᠤ ᠡᠯᠰᠡᠭᠲᠡᠭᠰᠡᠨ ᠵᠤᠤ ᠰᠢᠨ ᠤᠷᠢᠳ ᠬᠤᠵᠢᠳ ᠦᠨᠲᠦᠰᠦᠨ ᠱᠠᠲᠤᠨ ᠤ ᠬᠢᠯᠢ ᠶᠢᠨ ᠬᠠᠮᠠᠭᠠᠯᠠᠯᠲᠠ ᠶᠢᠨ ᠪᠠᠶᠢᠯᠲᠤᠭᠴᠢ᠂ ᠵᠢᠯᠤᠭᠤᠲᠤᠭᠴᠢ᠂ ᠤᠯᠤᠰ ᠲᠦᠷᠦ ᠶᠢᠨ ᠬᠡᠯᠲᠡᠰ ᠤᠨ ᠲᠡᠳ᠋ ᠡᠷᠬᠢᠯᠡᠭᠴᠢ ᠵᠡᠷᠭᠡ ᠲᠤᠰᠢᠶᠠᠯ ᠢ ᠡᠭᠦᠷᠭᠡᠯᠡᠵᠦ ᠪᠠᠶᠢᠭᠰᠠᠨ ᠢᠶᠠᠨ 2016 ᠤᠨ ᠤ 12 ᠰᠠᠷ᠎ᠠ  ᠠᠴᠠ ᠴᠡᠷᠢᠭ ᠤᠨ ᠠᠯᠪᠠᠨ ᠠᠴᠠ ᠪᠠᠨ ᠭᠠᠷᠴᠤ᠂ ᠬᠤᠰᠢᠭᠤ ᠲᠠᠩᠰᠠ ᠡᠪᠭᠡᠮᠡᠯ ᠲᠡᠤᠬᠡ ᠨᠠᠶᠢᠷᠠᠭᠤᠯᠬᠤ ᠲᠤᠪᠴᠢᠶᠠᠨ  ᠤ ᠤᠷᠤᠨ ᠨᠤᠲᠤᠭ ᠤᠨ ᠤᠶᠢᠯᠠᠯᠭ᠎ᠠ ᠶᠢ ᠨᠠᠶᠢᠷᠠᠭᠤᠯᠬᠤ ᠠᠵᠢᠯ ᠳᠤ ᠤᠷᠢᠭᠲᠠᠨ ᠠᠵᠢᠯᠯᠠᠵᠤ ᠪᠠᠶᠢᠭ᠎ᠠ ᠶᠤᠮ᠃
     ᠵᠤᠳ ᠰᠢᠭᠤᠷᠭᠠᠨ ᠳᠤ ᠲᠦᠭᠡᠷᠢᠵᠤ ᠪᠤᠲᠤᠯᠢᠭᠰᠠᠨ ᠮᠠᠯᠴᠢᠨ ᠠᠷᠠᠳ ᠢ ᠠᠪᠤᠷᠠᠨ ᠲᠤᠰᠠᠯᠠᠬᠤ᠂ ᠲᠠᠯ᠎ᠠ ᠨᠤᠲᠤᠭ ᠤᠨ ᠭᠠᠯ ᠲᠦᠢᠮᠡᠷ ᠢ ᠤᠨᠲᠠᠷᠭᠠᠬᠤ᠂ ᠰᠢᠷᠬᠠᠲᠠᠭᠰᠠᠳ ᠢ ᠠᠪᠤᠷᠠᠨ ᠲᠡᠩᠭᠡᠷᠡᠭᠦᠯᠭᠦ ᠵᠡᠷᠭᠡ ᠮᠠᠯᠴᠢᠨ ᠲᠦᠮᠡᠨ  ᠤ ᠠᠮᠢ ᠨᠠᠰᠤ ᠡᠳ᠋ ᠬᠦᠷᠦᠩᠭᠡ ᠳᠤ ᠬᠤᠯᠪᠤᠭᠲᠠᠬᠤ ᠠᠪᠤᠷᠠᠯᠲᠠ ᠳᠤ 150 ᠭᠠᠷᠤᠢ ᠤᠲᠠᠭ᠎ᠠ ᠤᠷᠤᠯᠴᠠᠨ᠂ ᠦᠨᠡᠭᠡᠷ ᠯᠡ ᠴᠡᠷᠢᠭ ᠡᠷ᠎ᠡ ᠶᠢᠨ ᠵᠤᠷᠢᠮᠠᠭ ᠬᠠᠲᠠᠭᠤ ᠰᠢᠨᠲᠠᠰᠤ ᠶᠢ ᠪᠤᠲᠠᠲᠤ ᠠᠵᠢᠯᠯᠠᠭ᠎ᠠ ᠪᠠᠷ ᠢᠶᠠᠨ ᠦᠵᠡᠭᠦᠯᠵᠦ ᠴᠢᠲᠠᠭᠰᠠᠨ ᠪᠢᠯᠡ᠃      ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠤᠷᠤᠨ ᠤ ᠴᠡᠷᠢᠭ ᠠᠴᠠ ᠬᠠᠯᠠᠭᠲᠠᠭᠰᠠᠳ ᠤᠨ ᠠᠵᠢᠯ ᠤᠨ ᠲᠢᠩᠬᠢᠮ᠂ ᠥᠪᠡᠷᠲᠡᠭᠡᠨ ᠵᠠᠰᠠᠬᠤ ᠤᠷᠤᠨ ᠤ ᠤᠯᠤᠰ ᠲᠦᠷᠦ ᠤᠨ ᠠᠵᠢᠯ ᠤᠨ ᠲᠤᠪᠴᠢᠶ᠎ᠠ ᠠᠴᠠ ᠬᠠᠮᠲᠤᠷᠠᠨ ᠦᠨᠡᠯᠡᠭᠰᠡᠨ ︽ᠬᠠᠮᠤᠭ ᠤᠨ ᠰᠠᠶᠢᠬᠠᠨ ᠴᠡᠷᠢᠭ ᠠᠴᠠ ᠬᠠᠯᠠᠭᠲᠠᠭᠰᠠᠳ︾ ᠲᠤ᠂ ᠰᠠᠶᠢᠨ ᠲᠤᠷ᠎ᠠ ᠵᠢᠨ‌ᠦᠢᠯᠡᠴᠢᠯᠡᠭᠡ  ᠬᠢᠵᠦ ᠨᠡᠶᠢᠭᠡᠮ ᠳᠤ ᠵᠢᠳᠭᠦᠯ ᠦᠵᠡᠭᠦᠯᠦᠭᠰᠡᠳ᠂ ᠦᠨᠲᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠱᠦᠵᠢ᠂ ᠡᠮ ᠡᠮᠨᠡᠯᠭᠡ ᠶᠢᠨ ᠦᠢᠯᠡᠰ ᠲᠤ ᠭᠠᠷᠭᠠᠮᠠᠶᠢᠯᠠᠭᠰᠠᠨ ᠡᠮᠴᠢ᠂ ᠵᠢᠯ ᠪᠤᠯᠭᠠᠨ ᠮᠢᠩᠭᠠᠭᠠᠳ ᠺᠢᠯᠤᠮᠧᠲᠷ ᠠᠶᠠᠯᠠᠨ᠂ ᠴᠠᠬᠢᠯᠭᠠᠨ ᠬᠦᠴᠦᠨ ᠤ ᠠᠵᠢᠯ ᠳᠤ ᠰᠢᠭᠤᠷᠬᠠᠶᠢᠯᠠᠭᠰᠠᠨ ᠠᠵᠢᠯᠲᠠᠨ ᠵᠡᠷᠭᠡ ᠬᠤᠷᠢᠨ ᠲᠡᠷᠢᠭᠦᠨ ᠤ ᠬᠦᠮᠦᠰ ᠪᠤᠢ᠃ ᠲᠡᠲᠡ ᠪᠤᠯ ᠡᠭᠡᠯ ᠵᠢᠷ ᠤᠨ ᠠᠵᠢᠯ ᠤᠨ ᠪᠠᠶᠢᠷᠢᠨ ᠳᠤ ᠪᠠᠨ ᠴᠡᠷᠢᠭ ᠡᠷ᠎ᠡ ᠤᠨ ᠡᠷᠬᠢᠮ ᠲᠡᠭᠡᠲᠦ ᠤᠪᠤᠷ ᠢᠶᠠᠷ ᠠᠷᠢᠭᠤᠨ ᠵᠢᠳᠭᠦᠯ ᠭᠠᠷᠭᠠᠭᠰᠠᠨ ᠬᠠᠮᠤᠭ ᠤᠨ ᠬᠦᠨᠲᠦᠳᠬᠡᠯ ᠲᠠᠢ ᠬᠦᠮᠦᠰ ᠪᠢᠯᠡ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号