ᠴᠢᠰᠦᠨ ᠰᠢᠬᠢᠷ ᠢ ᠪᠠᠭᠤᠷᠠᠭᠤᠯᠬᠤ ᠠᠷᠭ᠎ᠠ
ᠨᠡᠶᠢᠲᠡᠯᠡᠭᠰᠡᠨ ᠴᠠᠭ᠄
2019/8/8
     ᠤᠳᠤ ᠦᠶ᠎ᠡ ᠶᠢᠨ ᠠᠮᠢᠳᠤᠷᠠᠯ ᠤᠨ ᠠᠶᠢᠵᠢᠮ ᠤᠨ ᠲᠦᠷᠬᠡᠰᠬᠦ ᠶᠢ ᠲᠠᠭᠠᠯᠳᠤᠨ᠂ ᠲᠦᠷᠢᠮ ᠭᠤᠷᠢᠮ ᠦᠬᠡᠢ ᠢᠳᠡᠵᠦ ᠤᠤᠭᠤᠬᠤ ᠵᠡᠷᠭᠡ ᠠᠮᠢᠳᠤᠷᠠᠯ ᠤᠨ ᠮᠠᠭᠤ ᠮᠠᠭᠤᠬᠠᠢ ᠲᠠᠳᠬᠠᠯ ᠤᠯᠠᠰᠢᠷᠠᠬᠤ ᠶᠢᠨ ᠲᠠᠭᠠᠤ ᠲᠡᠭᠡᠷ᠎ᠡ ᠠᠴᠠ ᠨᠢ ᠮᠠᠨ ᠤ ᠤᠯᠤᠰ ᠤᠨ ᠦᠳᠡᠬᠦᠰ ᠤᠨ ᠨᠡᠶᠢᠬᠡᠮ ᠤᠨ ᠬᠦᠨᠵᠡᠬᠡᠶᠢᠷᠡᠯ ᠠᠴᠠ ᠪᠤᠯᠵᠦ ᠴᠢᠰᠦᠨ ᠰᠢᠬᠢᠷ ᠤᠨ ᠠᠰᠠᠭᠤᠳᠠᠯ ᠶᠠᠪᠤᠬᠤ ᠲᠤᠰᠤᠮ ᠢᠶᠠᠨ ᠤᠯᠠᠨ ᠨᠡᠶᠢᠳᠡ ᠶᠢᠨ ᠠᠩᠬᠠᠷᠤᠳᠠᠭ ᠠᠰᠠᠭᠤᠳᠠᠯ ᠪᠤᠯᠤᠭᠰᠠᠨ ᠪᠠᠶᠢᠨ᠎ᠠ᠃ ᠲᠡᠶᠢᠨᠬᠦ᠂ ᠲᠠ ᠪᠦᠬᠦᠨ ᠳᠡᠭᠡᠨ ᠲᠤᠰᠠ ᠲᠡᠮ ᠪᠤᠯᠬᠤ ᠶᠢᠨ ᠡᠬᠦᠳᠡᠨ ᠠᠴᠠ ᠠᠳᠡ ᠴᠢᠰᠦᠨ ᠰᠢᠬᠢᠷ ᠪᠠᠭᠤᠷᠠᠭᠤᠯᠬᠤ ᠠᠷᠭ᠎ᠠ ᠠᠴᠠ ᠲᠠᠨᠢᠯᠴᠠᠭᠤᠯᠤᠶ᠎ᠠ᠃       1. ᠴᠢᠬᠤᠯᠠᠳᠠᠢ ᠦᠶ᠎ᠡ ᠳᠤ ᠡᠮ ᠲᠠᠩ ᠢᠶᠠᠷ ᠡᠮᠨᠡᠨ᠎ᠡ ᠬᠡᠷᠪᠡ ᠲᠤᠰ ᠪᠡᠶ᠎ᠡ ᠶᠢᠨ ᠴᠢᠨᠢ ᠡᠪᠡᠳᠴᠢᠨ ᠤ ᠰᠢᠨᠵᠢ ᠢᠯᠡᠷᠡᠯ ᠨᠢᠭᠡᠨᠳᠡ ᠮᠠᠰᠢ ᠬᠦᠨᠳᠦᠷᠡᠭᠰᠡᠨ ᠪᠤᠯ ᠵᠠᠪᠠᠯ ᠬᠠᠮᠢᠶ᠎ᠠ ᠪᠦᠬᠦᠢ ᠡᠮ ᠲᠠᠩ ᠤᠨ ᠵᠠᠰᠠᠯᠭ᠎ᠠ ᠳᠤ ᠲᠦᠰᠢᠭᠯᠡᠬᠦ ᠬᠡᠷᠡᠭᠳᠠᠢ᠃ ᠢᠳᠡᠬᠡᠨ ᠤᠮᠳᠠᠭᠠᠨ ᠵᠡᠷᠭᠡ ᠶᠢᠨ ᠪᠤᠰᠤᠳ ᠠᠷᠭ᠎ᠠ ᠬᠡᠮᠵᠢᠶ᠎ᠡ ᠵᠦᠪᠬᠡᠨ ᠬᠠᠪᠰᠤᠷᠭᠠᠭᠰᠠᠨ ᠡᠮᠴᠢᠯᠡᠭᠡ ᠪᠤᠯᠳᠠᠭ᠃ ᠤᠴᠢᠷ ᠨᠢ ᠴᠢᠰᠦᠨ ᠰᠢᠬᠢᠷ ᠦᠨᠳᠦᠷ ᠪᠤᠯᠳᠠᠭ ᠨᠢ ᠲᠤᠰ ᠪᠡᠶ᠎ᠡ ᠶᠢᠨ ᠨᠤᠶᠢᠷ ᠤᠨ ᠠᠷᠠᠯ ᠤᠨ ᠡᠳ᠋ ᠤᠨ ᠱᠦᠬᠦᠷᠡᠯᠳᠡ ᠵᠤᠬᠢᠴᠠᠯ ᠢᠶᠠᠨ ᠠᠯᠳᠠᠭᠰᠠᠨ ᠠᠴᠠ ᠰᠢᠯᠳᠠᠭᠠᠯᠠᠳᠠᠭ ᠃ ᠨᠤᠶᠢᠷ ᠤᠨ ᠠᠷᠠᠯ ᠤᠨ ᠡᠳ᠋ ᠪᠤᠯ ᠬᠦᠮᠦᠨ ᠤ ᠪᠡᠶ᠎ᠡ ᠳᠠᠬᠢ ᠴᠢᠰᠦᠨ ᠰᠢᠬᠢᠷ ᠢ ᠪᠠᠭᠤᠷᠠᠭᠤᠯᠳᠠᠭ ᠴᠤᠷᠢ ᠶᠢᠨ ᠭᠠᠭᠴᠠ ᠬᠤᠷᠮᠤᠨ ᠪᠤᠯᠬᠤ ᠶᠤᠮ᠃ ᠡᠬᠦᠨ ᠤ ᠵᠡᠷᠭᠡᠴᠡᠭᠡᠪᠡᠷ ᠮᠦᠨᠴᠦ ᠠᠩᠬᠠᠨ ᠤ ᠰᠢᠬᠢᠷ᠂ ᠦᠬᠡᠬᠦ᠂ ᠤᠭᠤᠷᠠᠭ ᠤᠨ ᠨᠡᠶᠢᠯᠡᠯᠭᠡ ᠶᠢ ᠠᠬᠢᠭᠤᠯᠳᠠᠭ ᠭᠤᠤᠯ ᠡᠯᠧᠮᠧᠨ᠋ᠲ ᠪᠤᠯᠤᠨ᠎ᠠ᠃ ᠲᠡᠶᠢᠨᠬᠦ᠂ ᠴᠢᠰᠦᠨ ᠰᠢᠬᠢᠷ ᠬᠡᠷᠪᠡ ᠬᠡᠳᠦ ᠦᠨᠳᠦᠷ ᠦᠶ᠎ᠡ ᠳᠤ ᠡᠮ ᠲᠠᠩ ᠢᠶᠠᠷ ᠬᠢᠵᠠᠭᠠᠷᠯᠠᠬᠤ ᠦᠬᠡᠢ ᠪᠤᠯ ᠮᠠᠰᠢ ᠠᠶᠤᠯ ᠲᠠᠢ᠃       2. ᠵᠤᠬᠢᠰᠳᠠᠢ ᠬᠦᠳᠡᠯᠬᠡᠬᠡᠨ ᠬᠢᠨ᠎ᠡ ᠴᠢᠰᠦᠨ ᠰᠢᠬᠢᠷ ᠬᠡᠳᠡᠭ ᠨᠢ ᠴᠢᠰᠦᠨ ᠤ ᠲᠤᠩᠭᠠᠯᠠᠭ ᠲᠤᠳᠤᠷᠠᠬᠢ ᠰᠢᠬᠢᠷ ᠢ ᠵᠢᠭᠠᠳᠠᠭ᠃ ᠭᠤᠤᠯ ᠨᠢ ᠦᠵᠦᠮ ᠤᠨ ᠰᠢᠬᠢᠷ ᠤᠨ ᠬᠡᠯᠪᠡᠷᠢ ᠪᠠᠷ ᠤᠷᠤᠰᠢᠵᠦ᠂ ᠪᠡᠶ᠎ᠡ ᠮᠠᠬᠠᠪᠤᠳ ᠤᠨ ᠬᠡᠪ ᠤᠨ ᠪᠠᠶᠢᠳᠠᠯ ᠢ ᠪᠠᠳᠤᠯᠠᠬᠤ ᠡᠷᠬᠡᠪᠰᠢ ᠶᠢᠨ ᠲᠡᠵᠢᠬᠡᠯ ᠪᠤᠯᠳᠠᠭ᠃ ᠪᠢᠳᠡ ᠬᠦᠳᠡᠯᠬᠡᠬᠡᠨ ᠤ ᠲᠤᠮᠳᠠ ᠴᠢᠰᠦᠨ ᠴᠢᠬᠢᠷ ᠢ ᠬᠤᠷᠤᠭᠳᠠᠭᠤᠯᠤᠨ ᠴᠢᠰᠦᠨ ᠰᠢᠬᠢᠷ ᠢ ᠰᠢᠭᠤᠳ ᠪᠠᠭᠤᠷᠠᠭᠤᠯᠳᠠᠭ ᠢᠶᠠᠷ ᠪᠠᠷᠠᠬᠤ ᠦᠬᠡᠢ᠂ ᠪᠠᠰᠠ ᠦᠬᠡᠬᠦ ᠶᠢ ᠴᠦ ᠬᠤᠷᠤᠭᠳᠠᠭᠤᠯᠳᠠᠭ᠃ ᠲᠡᠬᠡᠬᠦ ᠳᠤ᠂ ᠦᠬᠡᠬᠦᠨ ᠤ ᠨᠢᠬᠡᠨ ᠴᠢᠬᠤᠯᠠ ᠢᠷᠡᠯᠳᠡ ᠪᠤᠯ ᠴᠢᠰᠦᠨ ᠳᠠᠬᠢ ᠰᠢᠬᠢᠷ ᠪᠡᠶ᠎ᠡ ᠮᠠᠬᠠᠪᠤᠳ ᠤᠨ ᠱᠠᠭᠠᠷᠳᠠᠯᠭ᠎ᠠ ᠠᠴᠠ ᠬᠡᠳᠦᠷᠡᠭᠡᠳ ᠬᠤᠪᠢᠷᠠᠵᠦ ᠪᠦᠳᠦᠳᠡᠭ᠃ ᠲᠡᠭᠡᠪᠡᠴᠦ᠂ ᠬᠡᠳᠦᠷᠡᠳᠡᠯ᠎ᠡ ᠬᠦᠳᠡᠯᠬᠡᠬᠡᠨ ᠬᠢᠬᠦ ᠪᠤᠶᠤ ᠰᠢᠷᠦᠬᠦᠨ ᠬᠦᠳᠡᠯᠬᠡᠬᠡᠨ ᠬᠢᠵᠦ ᠶᠠᠭᠠᠬᠢᠭᠰᠠᠨ ᠴᠦ ᠪᠤᠯᠬᠤ ᠦᠬᠡᠢ᠃ ᠤᠴᠢᠷ ᠨᠢ ᠬᠡᠳᠦᠷᠡᠳᠡᠯ᠎ᠡ ᠪᠤᠶᠤ ᠰᠢᠷᠦᠬᠦᠨ ᠬᠦᠳᠡᠯᠬᠡᠬᠡᠨ ᠬᠢᠪᠡᠯ ᠴᠢᠰᠦᠨ ᠰᠢᠬᠢᠷ ᠴᠤᠴᠢᠮᠠᠭ ᠲᠤᠭᠤᠭᠰᠢᠯᠠᠭᠠᠳ ᠶᠡᠭᠡ ᠲᠠᠷᠢᠬᠢᠨ ᠳᠤ ᠬᠦᠴᠢᠯᠳᠦ᠋ᠷᠦᠭᠴᠢ ᠲᠤᠳᠠᠭᠳᠠᠨ᠂ ᠪᠡᠶ᠎ᠡ ᠡᠪᠬᠦᠶᠢᠷᠡᠵᠦ᠂ ᠬᠦᠨᠳᠦ ᠨᠢ ᠮᠠᠨᠠᠷᠠᠬᠤ ᠵᠡᠷᠭᠡ ᠶᠢᠨ ᠪᠤᠰᠤᠳ ᠠᠶᠢᠳᠠᠰ ᠲᠠᠢ ᠦᠷ᠎ᠡ ᠳ᠋ᠦᠡᠭ ᠭᠠᠷᠴᠦ ᠮᠡᠳᠡᠨ᠎ᠡ᠃       3. ᠢᠳᠡᠬᠡᠨ ᠢᠶᠠᠷ ᠵᠠᠰᠠᠨ᠎ᠠ       ᠴᠢᠰᠦᠨ ᠰᠢᠬᠢᠷ ᠤᠨ ᠦᠨᠳᠦᠷᠵᠢᠯ ᠪᠤᠯᠤᠨ ᠪᠠᠭᠤᠷᠠᠯᠳᠠ ᠵᠠᠪᠠᠯ ᠨᠢᠬᠡᠨ ᠵᠦᠢ ᠵᠤᠬᠢᠰᠳᠠᠢ ᠬᠦᠷᠢᠶ᠎ᠡ ᠬᠡᠪᠴᠢᠶᠡᠨ ᠳᠤ ᠪᠠᠶᠢᠬᠤ ᠬᠡᠷᠡᠭᠳᠠᠢ᠃ ᠴᠤᠴᠢᠮᠠᠭ ᠦᠨᠳᠦᠷᠵᠢᠵᠦ᠂ ᠴᠤᠴᠢᠮᠠᠭ ᠪᠠᠭᠤᠷᠠᠬᠤ ᠨᠢ ᠪᠡᠶ᠎ᠡ ᠮᠠᠬᠠᠪᠤᠳ ᠲᠤ ᠮᠠᠰᠢ ᠶᠡᠭᠡ ᠬᠤᠤᠷ ᠬᠦᠨᠦᠬᠡᠯ ᠲᠠᠢ᠃ ᠡᠬᠦᠨ ᠢᠶᠠᠷ ᠪᠠᠷᠠᠬᠤ ᠦᠬᠡᠢ ᠤᠳᠤᠬᠠᠨ ᠳᠤ ᠰᠢᠬᠢᠷ ᠰᠢᠵᠢᠩ ᠡᠪᠡᠳᠴᠢᠨ ᠢ ᠦᠨᠳᠦᠰᠦᠨ ᠠᠴᠠ ᠨᠢ ᠵᠠᠰᠠᠬᠤ ᠵᠤᠬᠢᠰᠳᠠᠢ ᠡᠮ ᠲᠠᠩ ᠦᠬᠡᠢ ᠪᠠᠶᠢᠳᠠᠯ ᠳᠤ᠂ ᠢᠳᠡᠬᠡᠨ ᠤ ᠵᠠᠰᠠᠯᠭ᠎ᠠ ᠪᠤᠯ ᠦᠷᠭᠡᠨ ᠤᠯᠠᠨ ᠡᠪᠡᠳᠴᠢᠳᠡᠳ ᠤᠨ ᠬᠠᠮᠤᠭ ᠤᠨ ᠰᠠᠶᠢᠨ ᠰᠤᠩᠭᠤᠯᠳᠠ ᠪᠤᠯᠬᠤ ᠶᠤᠮ᠃       ᠴᠢᠰᠦᠨ ᠰᠢᠬᠢᠷ ᠢ ᠪᠠᠭᠤᠷᠠᠭᠤᠯᠬᠤ ᠳᠤ ᠲᠤᠰᠠᠳᠠᠢ ᠭᠤᠷᠪᠠᠨ ᠵᠦᠢᠯ ᠤᠨ ᠢᠳᠡᠬᠡᠨ᠄      a. ᠲᠡᠭᠷᠢᠰᠡᠭ ᠵᠢᠮᠢᠰ — ᠲᠡᠭᠷᠢᠰᠡᠭ ᠵᠢᠮᠢᠰ ᠪᠤᠯ ᠡᠮᠦᠨᠡᠳᠦ ᠨᠤᠮᠤᠬᠠᠨ ᠲᠠᠯᠠᠢ ᠶᠢᠨ ᠰᠤᠯᠤᠮᠤᠨ ᠤᠯᠳᠤᠷᠢᠭ  ᠤᠨ ᠪᠠᠯᠠᠷ ᠤᠢ ᠶᠢᠨ ᠵᠡᠷᠯᠢᠭ ᠵᠢᠮᠢᠰ᠃ ᠡᠯᠪᠡᠭ ᠡᠮ ᠤᠨ ᠪᠦᠷᠢᠯᠳᠦᠬᠦᠨ ᠲᠠᠢ ᠪᠠᠶᠢᠭᠠᠯᠢᠯᠢᠭ ᠤᠷᠭᠤᠮᠠᠯ ᠤᠨ ᠵᠢᠮᠢᠰ ᠪᠤᠯᠬᠤ ᠶᠤᠮ᠃ ᠲᠡᠬᠦᠨ ᠳᠤ ᠠᠭᠤᠯᠤᠭᠳᠠᠭ᠎ᠠ ᠤᠷᠬᠤᠳᠠᠢ ᠪᠤᠯᠤᠨ ᠮᠦᠡᠭᠬᠦᠨ ᠬᠦᠢᠯᠡᠰᠦ ᠶᠢᠨ ᠴᠢᠬᠤᠯᠠ ᠡᠮ ᠤᠨ ᠪᠦᠷᠢᠯᠳᠦᠬᠦᠨ ᠨᠢ ᠨᠤᠶᠢᠷ ᠤᠨ ᠠᠷᠠᠯ ᠤᠨ ᠡᠳ᠋ ᠢ ᠰᠡᠳᠦᠨ ᠱᠦᠬᠦᠷᠡᠬᠦᠯᠳᠡᠭ ᠠᠴᠠ ᠴᠢᠰᠦᠨ ᠰᠢᠬᠢᠷ ᠢ ᠪᠠᠭᠤᠷᠠᠭᠤᠯᠬᠤ ᠦᠢᠯᠡᠳᠦᠯ ᠲᠠᠢ ᠪᠠᠷ ᠪᠠᠷᠠᠬᠤ ᠦᠬᠡᠢ ᠪᠡᠶ᠎ᠡ ᠮᠠᠬᠠᠪᠤᠳ ᠤᠨ ᠰᠤᠯᠢᠯᠴᠠᠭᠠᠨ ᠤ ᠴᠢᠳᠠᠪᠤᠷᠢ ᠶᠢ ᠲᠤᠬᠢᠷᠠᠭᠤᠯᠵᠦ᠂ ᠪᠡᠶ᠎ᠡ ᠮᠠᠬᠠᠪᠤᠳ ᠤᠨ ᠨᠤᠶᠢᠷ ᠤᠨ ᠠᠷᠠᠯ ᠤᠨ ᠡᠳ᠋ ᠢ ︿︿ᠲᠠᠬᠢᠨ ᠠᠮᠢᠯᠠᠭᠤᠯᠬᠤ﹀﹀ ᠪᠠᠷ ᠢᠷᠡᠵᠦ ᠦᠢᠯᠡᠳᠦᠯ ᠢ ᠨᠢ ᠬᠦᠢᠴᠡᠳ ᠪᠠᠳᠠᠷᠠᠭᠤᠯᠵᠦ᠂ ᠴᠢᠰᠦᠨ ᠰᠢᠬᠢᠷ ᠢ ᠤᠷᠭᠠᠨᠢᠭ ᠪᠡᠶ᠎ᠡ ᠶᠢᠨ ᠨᠡᠭᠡᠳᠡᠰᠦ ᠡᠰ ᠲᠤ ᠠᠰᠢᠭᠯᠠᠭᠤᠯᠤᠭᠠᠳ᠂ ᠴᠢᠰᠦᠨ ᠴᠢᠬᠢᠷ ᠢ ᠪᠠᠭᠠᠤᠷᠠᠭᠤᠯᠤᠨ᠂ ᠴᠢᠰᠦᠨ ᠰᠢᠬᠢᠷ ᠢ ᠤᠷᠳᠤ ᠬᠤᠭᠤᠴᠠᠭ᠎ᠠ ᠲᠤᠭᠳᠠᠪᠤᠷᠢᠳᠠᠢ ᠪᠠᠶᠢᠯᠭᠠᠬᠤ ᠪᠤᠶᠤ ᠪᠦᠬᠦ ᠲᠠᠯ᠎ᠠ ᠪᠠᠷ ᠡᠷᠬᠡᠰᠢᠶᠡᠨ ᠬᠢᠵᠠᠭᠠᠷᠯᠠᠬᠤ ᠬᠠᠷᠠᠯᠳᠠ ᠳᠤ ᠬᠦᠷᠳᠡᠭ᠃ ︿︿ᠮᠠᠯᠠᠶᠢᠰᠢᠶ᠎ᠠ ᠶᠢᠨ ᠡᠪᠡᠰᠦᠨ ᠡᠮ ᠤᠨ ᠲᠤᠪᠴᠢ﹀﹀ ᠳᠤ᠂ ᠲᠡᠭᠷᠢᠰᠡᠭ ᠵᠢᠮᠢᠰ ᠭᠠᠰᠢᠭᠤᠨ᠂ ᠡᠬᠡᠬᠦᠨ ᠠᠮᠳᠠᠳᠠᠢ᠂ ᠰᠡᠷᠢᠬᠦᠨ ᠴᠢᠨᠠᠷᠳᠠᠢ᠂ ᠬᠠᠯᠠᠭᠤᠨ ᠢ ᠲᠠᠭᠤᠵᠦ᠂ ᠦᠷ᠎ᠡ ᠨᠢ ᠰᠢᠬᠢᠷ ᠰᠢᠵᠢᠩ ᠪᠤᠯᠤᠨ ᠴᠢᠰᠦᠨ ᠲᠠᠷᠤᠯᠳᠠ ᠦᠨᠳᠦᠷ ᠡᠪᠡᠳᠴᠢᠨ ᠢ ᠭᠤᠤᠯ ᠵᠠᠰᠠᠳᠠᠭ ᠬᠡᠰᠡᠨ ᠲᠡᠮᠳᠡᠭᠯᠡᠯ ᠪᠠᠶᠢᠳᠠᠭ᠃      b. ᠮᠦᠡᠭᠬᠦᠨ ᠲᠡᠯᠳᠡᠤ — ᠤᠳᠤ ᠦᠶ᠎ᠡ ᠶᠢᠨ ᠠᠨᠠᠭᠠᠬᠤ ᠤᠬᠠᠭᠠᠨ ᠮᠦᠡᠭᠬᠦᠨ ᠲᠡᠯᠳᠡᠤ ︵ᠪᠤᠷᠤ ᠲᠡᠯᠳᠡᠣ︶  ᠳᠤ ᠬᠦᠮᠦᠨ ᠤ ᠪᠡᠶ᠎ᠡ ᠴᠤᠭᠴᠠᠰ ᠲᠤ ᠡᠷᠬᠡᠪᠰᠢ ᠱᠠᠭᠠᠷᠳᠠᠭᠳᠠᠳᠠᠭ 17 ᠵᠦᠢᠯ ᠤᠨ ᠠᠮᠢᠨᠤ᠋ ᠬᠦᠴᠢᠯ ᠪᠤᠯᠤᠨ ᠸᠢᠲ᠋ᠠᠮᠢᠨ ᠂ ᠤᠭᠤᠷᠠᠭ ᠡᠯᠪᠡᠭ ᠠᠭᠤᠯᠤᠭᠳᠠᠳᠠᠭ ᠢᠶᠠᠷ ᠢᠶᠠᠨ ᠪᠡᠶ᠎ᠡ ᠮᠠᠬᠠᠪᠤᠳ ᠤᠨ ᠲᠤᠰ ᠪᠡᠶ᠎ᠡ ᠶᠢᠨ ᠴᠠᠷᠤᠯᠳᠠ ᠶᠢᠨ ᠴᠢᠳᠠᠪᠤᠷᠢ  ᠶᠢ ᠲᠡᠭᠡᠭᠰᠢᠯᠡᠬᠦᠯᠬᠦ ᠪᠠᠷ ᠪᠠᠷᠠᠬᠤ ᠦᠬᠡᠢ᠂ ᠪᠤᠷᠤ ᠱᠦᠯᠦᠨ ᠤ ᠰᠢᠩᠭᠡᠨ ᠠᠮᠳᠠ ᠲᠠᠢ᠂ ᠢᠳᠡᠰᠢᠨ ᠰᠢᠷᠬᠡᠭᠯᠢᠭ ᠠᠷᠪᠢᠨ ᠪᠤᠯᠬᠤᠷ ᠴᠢᠰᠦᠨ ᠴᠢᠬᠢᠷ ᠢ ᠪᠠᠭᠤᠷᠠᠭᠤᠯᠬᠤ ᠳᠤ ᠮᠠᠰᠢ ᠲᠤᠰᠠᠳᠠᠢ ᠬᠡᠵᠦ ᠦᠵᠡᠳᠡᠭ᠃ ᠮᠦᠡᠭᠬᠦᠨ ᠲᠡᠯᠳᠡᠤ ᠪᠠᠷ ᠱᠦᠯᠦ ᠭᠠᠷᠭᠠᠬᠤ ᠪᠤᠶᠤ ᠰᠢᠩᠭᠡᠨ ᠪᠤᠳᠠᠭ᠎ᠠ ᠬᠢᠵᠦ ᠢᠳᠡᠵᠦ ᠪᠦᠷ ᠪᠤᠯᠤᠨ᠎ᠠ᠃     c. ᠴᠢᠨ᠋ᠸ᠎ᠠ ᠶᠢᠨ ᠬᠠᠷᠮᠠᠭ — ᠴᠢᠨ᠋ᠸ᠎ᠠ ᠶᠢᠨ ᠬᠠᠷᠮᠠᠭ ᠲᠤ ᠬᠤ᠋ ᠯᠤᠤᠪᠠᠨᠭ᠌ ᠤᠨ ᠡᠳ᠋᠂ ᠸᠢᠲ᠋ᠠᠮᠢᠨ B1,B2,C ᠠᠭᠤᠯᠤᠭᠳᠠᠬᠤ ᠠᠴᠠ ᠭᠠᠳᠠᠨ᠎ᠠ ᠺᠠᠯᠼ᠂ ᠲᠡᠮᠦᠷ ᠴᠤ ᠡᠯᠪᠡᠭ ᠪᠠᠶᠢᠳᠠᠭ ᠠᠴᠠ ᠴᠢᠰᠦᠨ ᠰᠢᠬᠢᠷ᠂ ᠰᠦᠰᠦᠨ ᠴᠢᠯᠠᠭᠤᠯᠢᠭ ᠠᠯᠺᠤᠤᠯ ᠵᠡᠷᠭᠡ ᠶᠢ ᠪᠠᠭᠤᠷᠠᠭᠤᠯᠬᠤ ᠪᠠᠷ ᠪᠠᠷᠠᠬᠤ ᠦᠬᠡᠢ ᠪᠠᠰᠠ ᠪᠦᠬᠡᠷᠡᠨ ᠲᠠᠮᠢᠷ ᠢ ᠰᠡᠯᠪᠢᠵᠦ᠂ ᠡᠯᠢᠬᠡ  ᠶᠢ ᠰᠤᠪᠢᠯᠠᠨ᠂ ᠴᠢᠰᠦ ᠨᠦᠬᠦᠵᠦ᠂ ᠬᠠᠷᠠᠭ᠎ᠠ ᠰᠠᠶᠢᠵᠢᠷᠠᠭᠤᠯᠬᠤ ᠵᠡᠷᠭᠡ ᠪᠠᠷ ᠴᠢᠰᠦᠨ ᠲᠠᠷᠤᠯᠳᠠ ᠦᠨᠳᠦᠷ ᠠᠴᠠ ᠪᠤᠯᠤᠭᠰᠠᠨ ᠲᠠᠪᠬᠤᠷᠯᠠᠭᠰᠠᠨ ᠬᠡᠮ ᠢ ᠵᠠᠰᠠᠬᠤ ᠳᠤ ᠴᠦ ᠲᠤᠰᠠ ᠪᠤᠯᠳᠠᠭ᠃
 
ᠢᠷᠡᠯᠲᠡ᠄ ᠲᠥᠪ ᠲᠧᠯᠸᠢᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号