ᠭᠤᠴᠢᠨ ᠲᠠᠪᠤᠳᠠᠬᠢ ᠪᠠᠭᠰᠢ ᠶᠢᠨ ᠪᠠᠶᠠᠷ ᠬᠦᠷᠴᠤ ᠢᠷᠡᠭᠰᠡᠡ ᠲᠠᠰᠢᠷᠠᠮ ᠢᠶᠠᠷ᠂ 2019 ᠤᠨ ᠤ ᠪᠠᠭᠰᠢ ᠶᠢᠨ | ᠪᠡᠶᠡᠷ ᠢ ᠪᠡᠯᠭᠡᠯᠡᠬᠦ ᠵᠢᠴᠢ ᠪᠦᠬᠦ ᠤᠯᠤᠰ ᠤᠨ ᠰᠤᠷᠭᠠᠨ ᠬᠦᠮᠦᠵᠢᠯ ᠤᠨ ᠰᠢᠰᠲ᠋ᠧᠮ ᠤᠨ ᠲᠡᠷᠢᠭᠦᠨ ᠤ ᠬᠠᠮᠳᠦ ᠪᠤᠯᠤᠨ | ᠲᠡᠷᠢᠭᠦᠨ ᠤ ᠬᠤᠪᠢ ᠬᠦᠮᠦᠨ ᠢ ᠬᠦᠬᠢᠭᠦᠯᠦᠨ ᠰᠠᠶᠢᠰᠢᠶᠠᠬᠤ ᠶᠡᠭᠡ ᠬᠤᠷᠠᠯ 10 ᠤ ᠡᠳᠦᠷ ᠪᠡᠭᠡᠵᠢᠩ ᠳᠤ ᠶᠠᠪᠤᠭᠳᠠᠵᠠᠢ | ᠃ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠭᠢᠮ ᠳᠤ | ᠬᠦᠬᠢᠭᠦᠯᠦᠭᠳᠡᠨ ᠰᠠᠶᠢᠰᠢᠶᠠᠭᠳᠠᠭᠰᠠᠨ ᠪᠠᠭᠰᠢ ᠠᠵᠢᠯᠲᠠᠨ ᠤ ᠲᠦᠯᠦᠭᠡᠯᠡᠭᠴᠢᠳ ᠲᠠᠢ ᠳᠤᠳᠤᠨᠤ ᠪᠠᠷ ᠠᠭᠤᠯᠵᠠᠵᠤ᠂ | ᠬᠦᠬᠢᠭᠦᠯᠦᠭᠳᠡᠨ ᠰᠠᠶᠢᠰᠢᠶᠠᠭᠳᠠᠭᠰᠠᠨ ᠲᠡᠷᠢᠭᠦᠨ ᠤ ᠬᠠᠮᠳᠦ ᠪᠤᠯᠤᠨ ᠲᠡᠷᠢᠭᠦᠨ ᠤ ᠬᠤᠪᠢ ᠬᠦᠮᠦᠨ ᠳᠤ ᠬᠠᠯᠠᠭᠤᠨ | ᠪᠠᠶᠠᠷ ᠬᠦᠷᠭᠡᠵᠤ᠂ ᠪᠦᠬᠦ ᠤᠯᠤᠰ ᠤᠨ ᠦᠷᠭᠡᠨ ᠤᠯᠠᠨ ᠪᠠᠭᠰᠢ ᠪᠤᠯᠤᠨ ᠰᠤᠷᠭᠠᠨ ᠬᠦᠮᠦᠵᠢᠯ ᠤᠨ ᠠᠵᠢᠯᠳᠠᠨ ᠳᠤ | ᠪᠠᠶᠠᠷ ᠤᠨ ᠡᠳᠦᠷ ᠤᠨ ᠮᠡᠨᠳᠦᠴᠢᠯᠡᠯ ᠲᠡᠪᠰᠢᠬᠦᠯᠪᠡ᠃ | ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ᠂ ᠨᠠᠮ ᠤᠨ ᠲᠦᠪ ᠬᠤᠷᠢᠶᠠᠨ ᠤ ᠤᠯᠤᠰ | ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠭᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ ᠸᠠᠩ ᠬᠤ | ᠨᠢᠩ ᠠᠭᠤᠯᠵᠠᠯᠳᠠ ᠳᠤ ᠤᠷᠤᠯᠴᠠᠪᠠ᠃ | ᠦᠳᠡ ᠶᠢᠨ ᠡᠮᠦᠨᠡᠬᠢ 11 ᠴᠠᠭ ᠲᠤ᠂ ᠰᠢ ᠶᠢᠨ ᠫᠢᠩ ᠨᠠᠷ ᠠᠷᠠᠳ ᠤᠨ ᠶᠡᠭᠡ ᠬᠤᠷᠠᠯ ᠤᠨ ᠲᠠᠩᠭᠢᠮ ᠤᠨ | ᠬᠤᠶᠢᠳᠤ ᠶᠡᠭᠡ ᠲᠢᠩᠭᠢᠮ ᠳᠤ ᠢᠷᠡᠬᠦ ᠳᠤ ᠲᠠᠯᠠᠪᠠᠢ ᠲᠠᠶᠠᠭᠠᠷ ᠬᠠᠯᠠᠭᠤᠨ ᠠᠯᠠᠭ᠎ᠠ ᠲᠠᠰᠢᠯᠳᠠ ᠨᠢᠵᠢᠭᠢᠨᠡᠪᠡ᠃ ᠰᠢ ᠶᠢᠨ | ᠫᠢᠩ ᠨᠠᠷ ᠲᠦᠯᠦᠭᠡᠯᠡᠭᠴᠢᠳ ᠤᠨ ᠳᠤᠮᠳᠠ ᠬᠦᠷᠴᠤ᠂ ᠤᠯᠠᠨ ᠲᠠᠢ ᠬᠠᠯᠠᠭᠤᠮᠰᠤᠭ ᠢᠶᠠᠷ ᠭᠠᠷ ᠠᠳᠬᠤᠯᠴᠠᠵᠤ᠂ | ᠪᠠᠶᠢᠨ ᠪᠠᠶᠢᠨ ᠶᠠᠷᠢᠯᠴᠠᠨ᠂ ᠤᠯᠠᠨ ᠲᠠᠢ ᠬᠠᠮᠲᠦ ᠰᠡᠭᠦᠳᠡᠷ ᠳᠠᠳᠠᠭᠤᠯᠵᠤ ᠳᠤᠷᠠᠰᠬᠠᠯ ᠦᠯᠡᠳᠡᠭᠡᠵᠠᠢ᠃ | ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ | ᠬᠤᠷᠢᠶᠠᠨ ᠤ ᠳᠡᠳ᠋ ᠶᠡᠷᠦᠩᠬᠡᠢ ᠰᠠᠶᠢᠳ ᠰᠦᠨ ᠴᠦᠨ ᠯᠠᠨ ᠠᠭᠤᠯᠵᠠᠯᠳᠠ ᠳᠤ ᠤᠷᠤᠯᠴᠠᠭᠰᠠᠨ ᠪᠦᠭᠡᠳ ᠬᠦᠬᠢᠭᠦᠯᠦᠨ | ᠰᠠᠶᠢᠰᠢᠶᠠᠬᠤ ᠶᠡᠭᠡ ᠬᠤᠷᠠᠯ ᠳᠡᠭᠡᠷ᠎ᠠ ᠶᠠᠷᠢᠶ᠎ᠠ ᠲᠠᠯᠪᠢᠪᠡ᠃ ᠲᠡᠷᠡ᠂ ᠰᠢᠨ᠎ᠠ ᠳᠤᠮᠳᠠᠳᠤ ᠤᠯᠤᠰ ᠪᠠᠶᠢᠭᠤᠯᠤᠭᠳᠠᠭᠰᠠᠨ | 70 ᠵᠢᠯ ᠤᠨ ᠲᠤᠷᠰᠢ᠂ ᠮᠠᠨ ᠤ ᠤᠯᠤᠰ ᠤᠨ ᠰᠤᠷᠭᠠᠨ ᠬᠦᠮᠦᠵᠢᠯ ᠳᠤ ᠲᠡᠭᠷᠢ ᠭᠠᠵᠠᠷ ᠢ ᠳᠤᠩᠰᠤᠯᠭᠠᠮ᠎ᠠ | ᠬᠤᠪᠢᠷᠠᠯᠳᠠ ᠭᠠᠷᠴᠦ᠂ ᠦᠷᠭᠡᠨ ᠤᠯᠠᠨ ᠪᠠᠭᠰᠢ ᠨᠠᠷ ᠦᠪᠡᠷ ᠤᠨ ᠪᠡᠶ᠎ᠠ ᠪᠠᠷ ᠢᠶᠠᠨ ᠬᠡᠪ ᠳᠠᠭᠤᠷᠢᠶᠠᠯ ᠦᠵᠡᠭᠦᠯᠵᠤ᠂ | ᠨᠢᠭᠡ ᠯᠡ ᠰᠡᠳᠭᠢᠯ ᠢᠶᠠᠷ ᠬᠦᠮᠦᠨ ᠢ ᠬᠦᠮᠦᠵᠢᠭᠦᠯᠵᠤ᠂ ᠤᠯᠤᠰ ᠬᠦ᠋ᠷᠦᠨ ᠤ ᠬᠦᠭᠵᠢᠯᠳᠡ ᠳᠠᠪᠰᠢᠯᠳᠠ ᠳᠤ ᠴᠢᠬᠤᠯᠠ | ᠬᠤᠪᠢ ᠨᠡᠮᠡᠷᠢ ᠦᠵᠡᠭᠦᠯᠪᠡ᠃ ᠦᠷᠬᠡᠨ ᠤᠯᠠᠨ ᠪᠠᠭᠰᠢ ᠨᠠᠷ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ | ᠨᠠᠶᠢᠳᠠᠯᠭ᠎ᠠ ᠶᠢ ᠪᠠᠳᠤ ᠴᠡᠬᠡᠵᠢᠯᠡᠵᠦ᠂ ᠶᠤᠰᠤ ᠰᠤᠷᠲᠠᠬᠤᠨ ᠤᠶᠤᠨ ᠤᠬᠠᠭᠠᠨ ᠪᠠᠶ᠎ᠠ ᠶᠢᠨ ᠳᠠᠮᠢᠷ ᠭᠤᠸ᠎ᠠ ᠰᠠᠶᠢᠬᠠᠨ | ᠬᠦᠳᠡᠯᠮᠤᠷᠢ ᠪᠦᠬᠦ ᠳᠠᠯ᠎ᠠ ᠪᠠᠷ ᠬᠦᠭᠵᠢᠭᠰᠡᠨ ᠨᠡᠶᠢᠭᠡᠮ ᠵᠢᠷᠤᠮ ᠤᠨ ᠪᠦᠳᠦᠬᠡᠨ ᠪᠠᠶᠢᠭᠤᠯᠤᠬᠴᠢ ᠪᠤᠯᠤᠨ | ᠵᠠᠯᠭᠠᠮᠵᠢᠯᠠᠬᠴᠢ ᠶᠢ ᠬᠦᠮᠦᠵᠢᠬᠦᠯᠬᠦ ᠶᠢᠨ ᠳᠤᠭᠤᠷᠢᠨ ᠳᠤ᠂ ᠨᠠᠮ ᠤᠨ ᠢᠶᠠᠨ ᠳᠦᠯᠦᠬᠡ ᠬᠦᠮᠦᠨ ᠢ ᠬᠦᠮᠦᠵᠢᠬᠦᠯᠵᠦ᠂ | ᠤᠯᠤᠰ ᠤᠨ ᠢᠶᠠᠨ ᠳᠦᠯᠦᠬᠡ ᠴᠢᠳᠠᠪᠤᠷᠢᠳᠡᠨ ᠢ ᠬᠦᠮᠦᠵᠢᠬᠦᠯᠵᠦ᠂ ᠶᠤᠰᠤ ᠰᠤᠷᠲᠠᠬᠤᠨ ᠢᠶᠠᠷ ᠵᠢᠭᠠᠨ ᠰᠤᠷᠭᠠᠵᠦ᠂ | ᠶᠤᠰᠤ ᠰᠤᠷᠳᠠᠬᠤᠨ ᠢᠶᠠᠷ ᠬᠦᠮᠦᠨ ᠢ ᠬᠦᠮᠦᠵᠢᠬᠦᠯᠵᠦ᠂ ᠰᠢᠷᠭᠠᠭᠤ ᠬᠠᠳᠠᠭᠤᠵᠢᠯᠳᠡᠢ ᠪᠠᠷ ᠰᠢᠮᠳᠠᠨ ᠰᠤᠷᠤᠯᠴᠠᠬᠤ᠂ | ᠵᠢᠭᠠᠬᠤ ᠰᠤᠷᠬᠤ ᠶᠢ ᠤᠶᠠᠯᠳᠤᠭᠤᠯᠬᠤ᠂ ᠬᠦᠨᠳᠤᠳᠬᠡᠨ ᠬᠠᠶᠢᠷᠠᠯᠠᠬᠤ ᠪᠠ ᠠᠭᠤᠴᠢᠯᠠᠨ ᠪᠠᠭᠳᠠᠭᠠᠬᠤ᠂ ᠴᠢᠩᠭ᠎ᠠ | ᠱᠠᠭᠠᠷᠳᠠᠬᠤ ᠪᠦᠭᠡᠳ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠵᠤ᠂ ᠨᠠᠮ ᠪᠤᠯᠤᠨ ᠠᠷᠠᠳ ᠳᠦᠮᠡᠨ ᠳᠡᠭᠡᠨ | ᠬᠦᠷᠢᠶᠡᠯᠡᠭᠳᠡᠭᠰᠡᠨ ︽ᠲᠦᠷᠪᠡ ᠶᠢ ᠪᠦᠷᠢᠳᠦᠬᠦᠯᠦᠭᠰᠡᠡ︾ ᠰᠠᠶᠢᠨ ᠪᠠᠭᠰᠢ ᠪᠤᠯᠬᠤ ᠬᠡᠷᠡᠭᠳᠡᠢ᠃ ᠡᠯ᠎ᠠ ᠭᠠᠵᠠᠷ ᠡᠯ᠎ᠠ | ᠰᠠᠯᠠᠭ᠎ᠠ ᠮᠦᠴᠢᠷ ᠤᠨ ᠬᠢᠨ ᠪᠠᠭᠰᠢ ᠶᠢᠨ ᠬᠦᠯᠦᠰᠦ ᠤᠯᠭᠤᠮᠵᠢ ᠶᠢ ᠴᠢᠨᠠᠬᠰᠢᠳᠡ ᠳᠡᠬᠡᠭᠰᠢᠯᠡᠬᠦᠯᠵᠦ᠂ ᠪᠠᠭᠰᠢ ᠶᠢᠨ | ᠠᠵᠢᠯ ᠮᠡᠷᠬᠡᠵᠢᠯ ᠤᠨ ᠳᠠᠳᠠᠬᠤ ᠬᠦᠴᠦᠨ ᠢ ᠴᠢᠩᠭᠠᠷᠠᠭᠤᠯᠵᠦ᠂ ᠪᠠᠭᠰᠢ ᠶᠢ ᠬᠦᠨᠳᠤᠳᠬᠡᠨ ᠰᠤᠷᠭᠠᠨ ᠬᠦᠮᠦᠵᠢᠯ ᠢ | ᠴᠢᠬᠤᠯᠠᠴᠢᠯᠠᠬᠤ ᠰᠠᠶᠢᠨ ᠰᠠᠶᠢᠬᠠᠨ ᠬᠡᠪ ᠰᠤᠷᠳᠠᠯ ᠢ ᠪᠤᠢ ᠪᠤᠯᠭᠠᠬᠤ ᠬᠡᠷᠡᠭᠳᠡᠢ ᠬᠡᠵᠦ ᠬᠡᠯᠡᠪᠡ᠃ | ᠬᠤᠷᠠᠯ ᠲᠡᠭᠡᠷ᠎ᠡ 718 ︽ᠪᠦᠬᠦ ᠤᠯᠤᠰ ᠤᠨ ᠵᠢᠱᠢᠶᠡᠴᠢ ᠪᠠᠭᠰᠢ︾᠂ 79 ︽ᠪᠦᠬᠦ ᠤᠯᠤᠰ ᠤᠨ ᠰᠤᠷᠭᠠᠨ | ᠬᠦᠮᠦᠵᠢᠯ ᠤᠨ ᠰᠢᠰᠲ᠋ᠧᠮ ᠤᠨ ᠳᠡᠷᠢᠬᠦᠨ ᠤ ᠠᠵᠢᠯᠳᠠᠨ︾᠂ 597 ︽ᠪᠦᠬᠦ ᠤᠯᠤᠰ ᠤᠨ ᠰᠤᠷᠭᠠᠨ ᠬᠦᠮᠦᠵᠢᠯ ᠤᠨ | ᠰᠢᠰᠲ᠋ᠧᠮ ᠤᠨ ᠳᠡᠷᠢᠬᠦᠨ ᠤ ᠬᠠᠮᠳᠤ ᠨᠡᠶᠢᠳᠡ︾ ᠵᠢᠴᠢ 1432 ︽ᠪᠦᠬᠦ ᠤᠯᠤᠰ ᠤᠨ ᠰᠢᠯᠢᠳᠡᠭ ᠪᠠᠭᠰᠢ︾᠂ | 158 ︽ᠪᠦᠬᠦ ᠤᠯᠤᠰ ᠤᠨ ᠰᠢᠯᠢᠳᠡᠭ ᠰᠤᠷᠭᠠᠨ ᠬᠦᠮᠦᠵᠢᠯ ᠤᠨ ᠠᠵᠢᠯᠳᠠᠨ︾ ᠢ ᠬᠦᠬᠢᠬᠦᠯᠦᠨ ᠱᠠᠩᠨᠠᠵᠦ᠂ | 1355 ᠳᠦᠷᠦᠯ ᠳᠤ ︽ᠤᠯᠤᠰ ᠤᠨ ᠳᠡᠰ ᠤᠨ ᠵᠢᠭᠠᠨ ᠰᠤᠷᠭᠠᠯᠲᠠ ᠶᠢᠨ ᠦᠷ᠎ᠠ ᠪᠦᠳᠦᠭᠡᠯ ᠤᠨ ᠱᠠᠩᠨᠠᠯ︾ | ᠤᠯᠭᠤᠪᠠ᠃ ᠡᠬᠦᠨ ᠠᠴᠠ ᠡᠮᠤᠨ᠎ᠠ ᠰᠤᠷᠭᠠᠨ ᠬᠦᠮᠦᠵᠢᠯ ᠤᠨ ᠶᠠᠮᠤᠨ ᠠᠴᠠ ᠪᠠᠰᠠ 10 ︽ᠪᠦᠬᠦ ᠤᠯᠤᠰ ᠤᠨ | ᠪᠢᠴᠢᠭ ᠵᠢᠭᠠᠵᠦ ᠬᠦᠮᠦᠨ ᠬᠦᠮᠦᠵᠢᠬᠦᠯᠦᠭᠰᠡᠨ ᠦᠯᠢᠭᠡᠷ ᠲᠠᠭᠤᠷᠢᠶᠠᠯ︾ ᠢ ᠰᠤᠩᠭᠤᠨ ᠰᠢᠯᠭᠠᠷᠠᠭᠤᠯᠵᠠᠢ᠃ | ᠪᠦᠬᠦ ᠤᠯᠤᠰ ᠤᠨ ᠵᠢᠱᠢᠶᠡᠴᠢ ᠪᠠᠭᠰᠢ ᠶᠢᠨ ᠳᠦᠯᠦᠬᠡᠯᠡᠭᠴᠢ᠂ ᠡᡁᠧᠪᠸᠢ ᠮᠤᠵᠢ ᠶᠢᠨ ᠰᠢᠨ ᠵᠢᠢ ᠬᠤᠳᠠ ᠶᠢᠨ | ᠴᠢᠩ ᠡᡁᠧ ᠸᠠᠨ ᠰᠤᠷᠭᠠᠭᠤᠯᠢ ᠶᠢᠨ ᠪᠠᠭᠰᠢ ᠵᠠᠩ ᠮᠧᠩ ᠸᠧᠢ᠂ ᠪᠦᠬᠦ ᠤᠯᠤᠰ ᠤᠨ ᠪᠢᠴᠢᠭ ᠵᠢᠭᠠᠵᠦ ᠬᠦᠮᠦᠨ ᠢ | ᠬᠦᠮᠦᠵᠢᠬᠦᠯᠦᠭᠰᠡᠨ ᠦᠯᠢᠭᠡᠷ ᠲᠠᠭᠤᠷᠢᠶᠠᠯ ᠤᠨ ᠳᠦᠯᠦᠬᠡᠯᠡᠭᠴᠢ᠂ ᠭᠤᠸᠠᠩᠰᠢ ᠶᠢᠨ ᠪᠸᠢ ᠬᠠᠢ ᠬᠤᠳᠠ ᠶᠢᠨ ᠸᠧᠢ ᠵᠸᠦ | ᠳ᠋ᠤᠤ ᠶᠢᠨ ᠬᠡᠤᠬᠡᠳ ᠤᠨ ᠴᠡᠴᠡᠷᠯᠢᠭ ᠤᠨ ᠪᠠᠭᠰᠢ ᠹᠠᠨ ᠸᠧᠢ ᠯᠢ᠂ ᠪᠦᠬᠦ ᠤᠯᠤᠰ ᠤᠨ ᠰᠤᠷᠭᠠᠨ ᠬᠦᠮᠦᠵᠢᠯ ᠤᠨ | ᠰᠢᠰᠲ᠋ᠧᠮ ᠤᠨ ᠳᠡᠷᠢᠬᠦᠨ ᠤ ᠬᠠᠮᠳᠤ ᠶᠢᠨ ᠳᠦᠯᠦᠬᠡᠯᠡᠭᠴᠢ᠂ ᠰᠦᠵᠸᠦ ᠶᠢᠨ ᠪᠦᠳᠦᠬᠡᠨ ᠪᠠᠶᠢᠭᠤᠯᠤᠯᠳᠠ ᠵᠠᠮ | ᠬᠠᠷᠢᠯᠴᠠᠭᠠᠨ ᠤ ᠳᠡᠬᠡᠳᠦ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ ᠵᠡᠬᠢᠷᠤᠯ ᠬᠤᠤ ᠶᠦᠨ ᠯᠢᠶᠠᠩ᠂ | ᠤᠯᠤᠰ ᠤᠨ ᠳᠡᠰ ᠤᠨ ᠵᠢᠭᠠᠨ ᠰᠤᠷᠭᠠᠯᠲᠠ ᠶᠢᠨ ᠦᠷ᠎ᠠ ᠪᠦᠳᠦᠭᠡᠯ ᠤᠨ ᠱᠠᠩᠨᠠᠯ ᠬᠦᠷᠳᠡᠭᠰᠡᠳ ᠤᠨ ᠳᠦᠯᠦᠬᠡᠯᠡᠭᠴᠢ᠂ | ᠰᠧᠴᠤᠸᠠᠨ ᠶᠡᠭᠡ ᠰᠤᠷᠭᠠᠭᠤᠯᠢ ᠶᠢᠨ ᠫᠷᠤᠹᠧᠰᠰᠤᠷ ᠰᠢᠶᠧ ᠡᡁᠧ ᠫᠢᠩ ᠬᠤᠷᠠᠯ ᠳᠡᠬᠡᠷ ᠠ ᠲᠤᠰᠪᠤᠷᠢ ᠦᠭᠡ ᠬᠡᠯᠡᠪᠡ᠃ | | ᠳ᠋ᠢᠩ ᠰᠢᠤᠸᠠᠢ ᠰᠢᠶᠠᠩ᠂ ᠴᠸᠠ ᠰᠢ᠂ ᠶᠢᠦ ᠴᠢᠤᠸᠠᠨ᠂ ᠼᠠᠢ ᠳ᠋ᠠ ᠹᠧᠩ᠂ ᠰᠢᠶᠠ ᠪᠤᠤ ᠯᠦᠩ | ᠠᠭᠤᠯᠵᠠᠯᠳᠠ ᠳᠤ ᠤᠷᠤᠯᠴᠠᠵᠠᠢ᠃ | |