ᠰᠢ ᠶᠢᠨ ᠫᠢᠩ ᠪᠦᠬᠦ ᠤᠯᠤᠰ ᠤᠨ ᠰᠤᠷᠭᠠᠨ ᠬᠦᠮᠦᠵᠢᠯ ᠤᠨ ᠰᠢᠰᠲ᠋ᠧᠮ ᠤᠨ ᠲᠡᠷᠢᠭᠦᠨ ᠤ ᠬᠠᠮᠳᠦ ᠪᠤᠯᠤᠨ ᠲᠡᠷᠢᠭᠦᠨ ᠤ ᠬᠤᠪᠢ ᠬᠦᠮᠦᠨ ᠤ ᠲᠦᠯᠦᠭᠡᠯᠡᠭᠴᠢᠳ ᠲᠠᠢ ᠠᠭᠤᠯᠵᠠᠪᠠ
ᠨᠡᠶᠢᠲᠡᠯᠡᠭᠰᠡᠨ ᠴᠠᠭ᠄
2019/9/11
   ᠭᠤᠴᠢᠨ ᠲᠠᠪᠤᠳᠠᠬᠢ ᠪᠠᠭᠰᠢ ᠶᠢᠨ ᠪᠠᠶᠠᠷ ᠬᠦᠷᠴᠤ ᠢᠷᠡᠭᠰᠡᠡ ᠲᠠᠰᠢᠷᠠᠮ ᠢᠶᠠᠷ᠂ 2019 ᠤᠨ ᠤ ᠪᠠᠭᠰᠢ ᠶᠢᠨ ᠪᠡᠶᠡᠷ ᠢ ᠪᠡᠯᠭᠡᠯᠡᠬᠦ ᠵᠢᠴᠢ ᠪᠦᠬᠦ ᠤᠯᠤᠰ ᠤᠨ ᠰᠤᠷᠭᠠᠨ ᠬᠦᠮᠦᠵᠢᠯ ᠤᠨ ᠰᠢᠰᠲ᠋ᠧᠮ ᠤᠨ ᠲᠡᠷᠢᠭᠦᠨ ᠤ ᠬᠠᠮᠳᠦ ᠪᠤᠯᠤᠨ ᠲᠡᠷᠢᠭᠦᠨ ᠤ ᠬᠤᠪᠢ ᠬᠦᠮᠦᠨ ᠢ ᠬᠦᠬᠢᠭᠦᠯᠦᠨ ᠰᠠᠶᠢᠰᠢᠶᠠᠬᠤ ᠶᠡᠭᠡ ᠬᠤᠷᠠᠯ 10 ᠤ ᠡᠳᠦᠷ ᠪᠡᠭᠡᠵᠢᠩ ᠳᠤ ᠶᠠᠪᠤᠭᠳᠠᠵᠠᠢ ᠃ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠭᠢᠮ ᠳᠤ ᠬᠦᠬᠢᠭᠦᠯᠦᠭᠳᠡᠨ ᠰᠠᠶᠢᠰᠢᠶᠠᠭᠳᠠᠭᠰᠠᠨ ᠪᠠᠭᠰᠢ ᠠᠵᠢᠯᠲᠠᠨ ᠤ ᠲᠦᠯᠦᠭᠡᠯᠡᠭᠴᠢᠳ ᠲᠠᠢ ᠳᠤᠳᠤᠨᠤ ᠪᠠᠷ ᠠᠭᠤᠯᠵᠠᠵᠤ᠂ ᠬᠦᠬᠢᠭᠦᠯᠦᠭᠳᠡᠨ ᠰᠠᠶᠢᠰᠢᠶᠠᠭᠳᠠᠭᠰᠠᠨ ᠲᠡᠷᠢᠭᠦᠨ ᠤ ᠬᠠᠮᠳᠦ ᠪᠤᠯᠤᠨ ᠲᠡᠷᠢᠭᠦᠨ ᠤ ᠬᠤᠪᠢ ᠬᠦᠮᠦᠨ ᠳᠤ ᠬᠠᠯᠠᠭᠤᠨ ᠪᠠᠶᠠᠷ ᠬᠦᠷᠭᠡᠵᠤ᠂ ᠪᠦᠬᠦ ᠤᠯᠤᠰ ᠤᠨ ᠦᠷᠭᠡᠨ ᠤᠯᠠᠨ ᠪᠠᠭᠰᠢ ᠪᠤᠯᠤᠨ ᠰᠤᠷᠭᠠᠨ ᠬᠦᠮᠦᠵᠢᠯ ᠤᠨ ᠠᠵᠢᠯᠳᠠᠨ ᠳᠤ ᠪᠠᠶᠠᠷ ᠤᠨ ᠡᠳᠦᠷ ᠤᠨ ᠮᠡᠨᠳᠦᠴᠢᠯᠡᠯ ᠲᠡᠪᠰᠢᠬᠦᠯᠪᠡ᠃    ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠭᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ ᠸᠠᠩ ᠬᠤ ᠨᠢᠩ ᠠᠭᠤᠯᠵᠠᠯᠳᠠ ᠳᠤ ᠤᠷᠤᠯᠴᠠᠪᠠ᠃    ᠦᠳᠡ ᠶᠢᠨ ᠡᠮᠦᠨᠡᠬᠢ 11 ᠴᠠᠭ ᠲᠤ᠂ ᠰᠢ ᠶᠢᠨ ᠫᠢᠩ ᠨᠠᠷ ᠠᠷᠠᠳ ᠤᠨ ᠶᠡᠭᠡ ᠬᠤᠷᠠᠯ ᠤᠨ ᠲᠠᠩᠭᠢᠮ ᠤᠨ ᠬᠤᠶᠢᠳᠤ ᠶᠡᠭᠡ ᠲᠢᠩᠭᠢᠮ ᠳᠤ ᠢᠷᠡᠬᠦ ᠳᠤ ᠲᠠᠯᠠᠪᠠᠢ ᠲᠠᠶᠠᠭᠠᠷ ᠬᠠᠯᠠᠭᠤᠨ ᠠᠯᠠᠭ᠎ᠠ ᠲᠠᠰᠢᠯᠳᠠ ᠨᠢᠵᠢᠭᠢᠨᠡᠪᠡ᠃ ᠰᠢ ᠶᠢᠨ ᠫᠢᠩ ᠨᠠᠷ ᠲᠦᠯᠦᠭᠡᠯᠡᠭᠴᠢᠳ ᠤᠨ ᠳᠤᠮᠳᠠ ᠬᠦᠷᠴᠤ᠂ ᠤᠯᠠᠨ ᠲᠠᠢ ᠬᠠᠯᠠᠭᠤᠮᠰᠤᠭ ᠢᠶᠠᠷ ᠭᠠᠷ ᠠᠳᠬᠤᠯᠴᠠᠵᠤ᠂ ᠪᠠᠶᠢᠨ ᠪᠠᠶᠢᠨ ᠶᠠᠷᠢᠯᠴᠠᠨ᠂ ᠤᠯᠠᠨ ᠲᠠᠢ ᠬᠠᠮᠲᠦ ᠰᠡᠭᠦᠳᠡᠷ ᠳᠠᠳᠠᠭᠤᠯᠵᠤ ᠳᠤᠷᠠᠰᠬᠠᠯ ᠦᠯᠡᠳᠡᠭᠡᠵᠠᠢ᠃    ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠰᠦᠨ ᠴᠦᠨ ᠯᠠᠨ ᠠᠭᠤᠯᠵᠠᠯᠳᠠ ᠳᠤ ᠤᠷᠤᠯᠴᠠᠭᠰᠠᠨ ᠪᠦᠭᠡᠳ ᠬᠦᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠠ ᠶᠠᠷᠢᠶ᠎ᠠ ᠲᠠᠯᠪᠢᠪᠡ᠃ ᠲᠡᠷᠡ᠂ ᠰᠢᠨ᠎ᠠ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠲᠤᠷᠰᠢ᠂ ᠮᠠᠨ ᠤ ᠤᠯᠤᠰ ᠤᠨ ᠰᠤᠷᠭᠠᠨ ᠬᠦᠮᠦᠵᠢᠯ ᠳᠤ ᠲᠡᠭᠷᠢ ᠭᠠᠵᠠᠷ ᠢ ᠳᠤᠩᠰᠤᠯᠭᠠᠮ᠎ᠠ ᠬᠤᠪᠢᠷᠠᠯᠳᠠ ᠭᠠᠷᠴᠦ᠂ ᠦᠷᠭᠡᠨ ᠤᠯᠠᠨ ᠪᠠᠭᠰᠢ ᠨᠠᠷ ᠦᠪᠡᠷ ᠤᠨ ᠪᠡᠶ᠎ᠠ ᠪᠠᠷ ᠢᠶᠠᠨ ᠬᠡᠪ ᠳᠠᠭᠤᠷᠢᠶᠠᠯ ᠦᠵᠡᠭᠦᠯᠵᠤ᠂ ᠨᠢᠭᠡ ᠯᠡ ᠰᠡᠳᠭᠢᠯ ᠢᠶᠠᠷ ᠬᠦᠮᠦᠨ ᠢ ᠬᠦᠮᠦᠵᠢᠭᠦᠯᠵᠤ᠂ ᠤᠯᠤᠰ ᠬᠦ᠋ᠷᠦᠨ ᠤ ᠬᠦᠭᠵᠢᠯᠳᠡ ᠳᠠᠪᠰᠢᠯᠳᠠ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠦᠷᠬᠡᠨ ᠤᠯᠠᠨ ᠪᠠᠭᠰᠢ ᠨᠠᠷ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠪᠠᠳᠤ ᠴᠡᠬᠡᠵᠢᠯᠡᠵᠦ᠂ ᠶᠤᠰᠤ ᠰᠤᠷᠲᠠᠬᠤᠨ ᠤᠶᠤᠨ ᠤᠬᠠᠭᠠᠨ ᠪᠠᠶ᠎ᠠ ᠶᠢᠨ ᠳᠠᠮᠢᠷ ᠭᠤᠸ᠎ᠠ ᠰᠠᠶᠢᠬᠠᠨ ᠬᠦᠳᠡᠯᠮᠤᠷᠢ ᠪᠦᠬᠦ ᠳᠠᠯ᠎ᠠ ᠪᠠᠷ ᠬᠦᠭᠵᠢᠭᠰᠡᠨ ᠨᠡᠶᠢᠭᠡᠮ ᠵᠢᠷᠤᠮ ᠤᠨ ᠪᠦᠳᠦᠬᠡᠨ ᠪᠠᠶᠢᠭᠤᠯᠤᠬᠴᠢ ᠪᠤᠯᠤᠨ ᠵᠠᠯᠭᠠᠮᠵᠢᠯᠠᠬᠴᠢ ᠶᠢ ᠬᠦᠮᠦᠵᠢᠬᠦᠯᠬᠦ ᠶᠢᠨ ᠳᠤᠭᠤᠷᠢᠨ ᠳᠤ᠂ ᠨᠠᠮ ᠤᠨ ᠢᠶᠠᠨ ᠳᠦᠯᠦᠬᠡ ᠬᠦᠮᠦᠨ ᠢ ᠬᠦᠮᠦᠵᠢᠬᠦᠯᠵᠦ᠂ ᠤᠯᠤᠰ ᠤᠨ ᠢᠶᠠᠨ ᠳᠦᠯᠦᠬᠡ ᠴᠢᠳᠠᠪᠤᠷᠢᠳᠡᠨ ᠢ ᠬᠦᠮᠦᠵᠢᠬᠦᠯᠵᠦ᠂ ᠶᠤᠰᠤ ᠰᠤᠷᠲᠠᠬᠤᠨ ᠢᠶᠠᠷ ᠵᠢᠭᠠᠨ ᠰᠤᠷᠭᠠᠵᠦ᠂ ᠶᠤᠰᠤ ᠰᠤᠷᠳᠠᠬᠤᠨ ᠢᠶᠠᠷ ᠬᠦᠮᠦᠨ ᠢ ᠬᠦᠮᠦᠵᠢᠬᠦᠯᠵᠦ᠂ ᠰᠢᠷᠭᠠᠭᠤ ᠬᠠᠳᠠᠭᠤᠵᠢᠯᠳᠡᠢ ᠪᠠᠷ ᠰᠢᠮᠳᠠᠨ ᠰᠤᠷᠤᠯᠴᠠᠬᠤ᠂ ᠵᠢᠭᠠᠬᠤ ᠰᠤᠷᠬᠤ ᠶᠢ ᠤᠶᠠᠯᠳᠤᠭᠤᠯᠬᠤ᠂ ᠬᠦᠨᠳᠤᠳᠬᠡᠨ ᠬᠠᠶᠢᠷᠠᠯᠠᠬᠤ ᠪᠠ ᠠᠭᠤᠴᠢᠯᠠᠨ ᠪᠠᠭᠳᠠᠭᠠᠬᠤ᠂ ᠴᠢᠩᠭ᠎ᠠ ᠱᠠᠭᠠᠷᠳᠠᠬᠤ ᠪᠦᠭᠡᠳ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠵᠤ᠂ ᠨᠠᠮ ᠪᠤᠯᠤᠨ ᠠᠷᠠᠳ ᠳᠦᠮᠡᠨ ᠳᠡᠭᠡᠨ ᠬᠦᠷᠢᠶᠡᠯᠡᠭᠳᠡᠭᠰᠡᠨ ︽ᠲᠦᠷᠪᠡ ᠶᠢ ᠪᠦᠷᠢᠳᠦᠬᠦᠯᠦᠭᠰᠡᠡ︾ ᠰᠠᠶᠢᠨ ᠪᠠᠭᠰᠢ ᠪᠤᠯᠬᠤ ᠬᠡᠷᠡᠭᠳᠡᠢ᠃ ᠡᠯ᠎ᠠ ᠭᠠᠵᠠᠷ ᠡᠯ᠎ᠠ ᠰᠠᠯᠠᠭ᠎ᠠ ᠮᠦᠴᠢᠷ ᠤᠨ ᠬᠢᠨ ᠪᠠᠭᠰᠢ ᠶᠢᠨ ᠬᠦᠯᠦᠰᠦ ᠤᠯᠭᠤᠮᠵᠢ ᠶᠢ ᠴᠢᠨᠠᠬᠰᠢᠳᠡ ᠳᠡᠬᠡᠭᠰᠢᠯᠡᠬᠦᠯᠵᠦ᠂ ᠪᠠᠭᠰᠢ ᠶᠢᠨ ᠠᠵᠢᠯ ᠮᠡᠷᠬᠡᠵᠢᠯ ᠤᠨ ᠳᠠᠳᠠᠬᠤ ᠬᠦᠴᠦᠨ ᠢ ᠴᠢᠩᠭᠠᠷᠠᠭᠤᠯᠵᠦ᠂ ᠪᠠᠭᠰᠢ ᠶᠢ ᠬᠦᠨᠳᠤᠳᠬᠡᠨ ᠰᠤᠷᠭᠠᠨ ᠬᠦᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠬᠡᠪ ᠰᠤᠷᠳᠠᠯ ᠢ ᠪᠤᠢ ᠪᠤᠯᠭᠠᠬᠤ ᠬᠡᠷᠡᠭᠳᠡᠢ ᠬᠡᠵᠦ ᠬᠡᠯᠡᠪᠡ᠃    ᠬᠤᠷᠠᠯ ᠲᠡᠭᠡᠷ᠎ᠡ 718 ︽ᠪᠦᠬᠦ ᠤᠯᠤᠰ ᠤᠨ ᠵᠢᠱᠢᠶᠡᠴᠢ ᠪᠠᠭᠰᠢ︾᠂ 79 ︽ᠪᠦᠬᠦ ᠤᠯᠤᠰ ᠤᠨ ᠰᠤᠷᠭᠠᠨ ᠬᠦᠮᠦᠵᠢᠯ ᠤᠨ ᠰᠢᠰᠲ᠋ᠧᠮ ᠤᠨ ᠳᠡᠷᠢᠬᠦᠨ ᠤ ᠠᠵᠢᠯᠳᠠᠨ︾᠂ 597 ︽ᠪᠦᠬᠦ ᠤᠯᠤᠰ ᠤᠨ ᠰᠤᠷᠭᠠᠨ ᠬᠦᠮᠦᠵᠢᠯ ᠤᠨ ᠰᠢᠰᠲ᠋ᠧᠮ ᠤᠨ ᠳᠡᠷᠢᠬᠦᠨ ᠤ ᠬᠠᠮᠳᠤ ᠨᠡᠶᠢᠳᠡ︾ ᠵᠢᠴᠢ 1432 ︽ᠪᠦᠬᠦ ᠤᠯᠤᠰ ᠤᠨ ᠰᠢᠯᠢᠳᠡᠭ ᠪᠠᠭᠰᠢ︾᠂ 158 ︽ᠪᠦᠬᠦ ᠤᠯᠤᠰ ᠤᠨ ᠰᠢᠯᠢᠳᠡᠭ ᠰᠤᠷᠭᠠᠨ ᠬᠦᠮᠦᠵᠢᠯ ᠤᠨ ᠠᠵᠢᠯᠳᠠᠨ︾ ᠢ ᠬᠦᠬᠢᠬᠦᠯᠦᠨ ᠱᠠᠩᠨᠠᠵᠦ᠂ 1355 ᠳᠦᠷᠦᠯ ᠳᠤ ︽ᠤᠯᠤᠰ ᠤᠨ ᠳᠡᠰ ᠤᠨ ᠵᠢᠭᠠᠨ ᠰᠤᠷᠭᠠᠯᠲᠠ ᠶᠢᠨ ᠦᠷ᠎ᠠ ᠪᠦᠳᠦᠭᠡᠯ ᠤᠨ ᠱᠠᠩᠨᠠᠯ︾ ᠤᠯᠭᠤᠪᠠ᠃ ᠡᠬᠦᠨ ᠠᠴᠠ ᠡᠮᠤᠨ᠎ᠠ ᠰᠤᠷᠭᠠᠨ ᠬᠦᠮᠦᠵᠢᠯ ᠤᠨ ᠶᠠᠮᠤᠨ ᠠᠴᠠ ᠪᠠᠰᠠ 10 ︽ᠪᠦᠬᠦ ᠤᠯᠤᠰ ᠤᠨ ᠪᠢᠴᠢᠭ ᠵᠢᠭᠠᠵᠦ ᠬᠦᠮᠦᠨ ᠬᠦᠮᠦᠵᠢᠬᠦᠯᠦᠭᠰᠡᠨ ᠦᠯᠢᠭᠡᠷ ᠲᠠᠭᠤᠷᠢᠶᠠᠯ︾ ᠢ ᠰᠤᠩᠭᠤᠨ ᠰᠢᠯᠭᠠᠷᠠᠭᠤᠯᠵᠠᠢ᠃    ᠪᠦᠬᠦ ᠤᠯᠤᠰ ᠤᠨ ᠵᠢᠱᠢᠶᠡᠴᠢ ᠪᠠᠭᠰᠢ ᠶᠢᠨ ᠳᠦᠯᠦᠬᠡᠯᠡᠭᠴᠢ᠂ ᠡᡁᠧᠪᠸᠢ ᠮᠤᠵᠢ ᠶᠢᠨ ᠰᠢᠨ ᠵᠢᠢ ᠬᠤᠳᠠ ᠶᠢᠨ ᠴᠢᠩ ᠡᡁᠧ ᠸᠠᠨ ᠰᠤᠷᠭᠠᠭᠤᠯᠢ ᠶᠢᠨ ᠪᠠᠭᠰᠢ ᠵᠠᠩ ᠮᠧᠩ ᠸᠧᠢ᠂ ᠪᠦᠬᠦ ᠤᠯᠤᠰ ᠤᠨ ᠪᠢᠴᠢᠭ ᠵᠢᠭᠠᠵᠦ ᠬᠦᠮᠦᠨ ᠢ ᠬᠦᠮᠦᠵᠢᠬᠦᠯᠦᠭᠰᠡᠨ ᠦᠯᠢᠭᠡᠷ ᠲᠠᠭᠤᠷᠢᠶᠠᠯ ᠤᠨ ᠳᠦᠯᠦᠬᠡᠯᠡᠭᠴᠢ᠂ ᠭᠤᠸᠠᠩᠰᠢ ᠶᠢᠨ ᠪᠸᠢ ᠬᠠᠢ ᠬᠤᠳᠠ ᠶᠢᠨ ᠸᠧᠢ ᠵᠸᠦ ᠳ᠋ᠤᠤ ᠶᠢᠨ ᠬᠡᠤᠬᠡᠳ ᠤᠨ ᠴᠡᠴᠡᠷᠯᠢᠭ ᠤᠨ ᠪᠠᠭᠰᠢ ᠹᠠᠨ ᠸᠧᠢ ᠯᠢ᠂ ᠪᠦᠬᠦ ᠤᠯᠤᠰ ᠤᠨ ᠰᠤᠷᠭᠠᠨ ᠬᠦᠮᠦᠵᠢᠯ ᠤᠨ ᠰᠢᠰᠲ᠋ᠧᠮ ᠤᠨ ᠳᠡᠷᠢᠬᠦᠨ ᠤ ᠬᠠᠮᠳᠤ ᠶᠢᠨ ᠳᠦᠯᠦᠬᠡᠯᠡᠭᠴᠢ᠂ ᠰᠦᠵᠸᠦ ᠶᠢᠨ ᠪᠦᠳᠦᠬᠡᠨ ᠪᠠᠶᠢᠭᠤᠯᠤᠯᠳᠠ ᠵᠠᠮ ᠬᠠᠷᠢᠯᠴᠠᠭᠠᠨ ᠤ ᠳᠡᠬᠡᠳᠦ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ ᠵᠡᠬᠢᠷᠤᠯ ᠬᠤᠤ ᠶᠦᠨ ᠯᠢᠶᠠᠩ᠂ ᠤᠯᠤᠰ ᠤᠨ ᠳᠡᠰ ᠤᠨ ᠵᠢᠭᠠᠨ ᠰᠤᠷᠭᠠᠯᠲᠠ ᠶᠢᠨ ᠦᠷ᠎ᠠ ᠪᠦᠳᠦᠭᠡᠯ ᠤᠨ ᠱᠠᠩᠨᠠᠯ ᠬᠦᠷᠳᠡᠭᠰᠡᠳ ᠤᠨ ᠳᠦᠯᠦᠬᠡᠯᠡᠭᠴᠢ᠂ ᠰᠧᠴᠤᠸᠠᠨ ᠶᠡᠭᠡ ᠰᠤᠷᠭᠠᠭᠤᠯᠢ ᠶᠢᠨ ᠫᠷᠤᠹᠧᠰᠰᠤᠷ ᠰᠢᠶᠧ ᠡᡁᠧ ᠫᠢᠩ ᠬᠤᠷᠠᠯ ᠳᠡᠬᠡᠷ ᠎ᠠ ᠲᠤᠰᠪᠤᠷᠢ ᠦᠭᠡ ᠬᠡᠯᠡᠪᠡ᠃    ᠳ᠋ᠢᠩ ᠰᠢᠤᠸᠠᠢ ᠰᠢᠶᠠᠩ᠂ ᠴᠸᠠ ᠰᠢ᠂ ᠶᠢᠦ ᠴᠢᠤᠸᠠᠨ᠂ ᠼᠠᠢ ᠳ᠋ᠠ ᠹᠧᠩ᠂ ᠰᠢᠶᠠ ᠪᠤᠤ ᠯᠦᠩ ᠠᠭᠤᠯᠵᠠᠯᠳᠠ ᠳᠤ ᠤᠷᠤᠯᠴᠠᠵᠠᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号