ᠮᠦᠷᠡᠨ
ᠨᠡᠶᠢᠲᠡᠯᠡᠭᠰᠡᠨ ᠴᠠᠭ᠄
2019/9/2
ᠮᠥᠷᠡᠨ ᠨᠥᠬᠦᠷ ᠤᠨ ᠲᠣᠪᠴᠢ ᠨᠠᠮᠲᠠᠷ      ᠮᠥᠷᠡᠨ᠂ ᠡᠷᠡᠭᠲᠡᠶ᠂ ᠮᠣᠩᠭᠤᠯ ᠦᠨᠳᠦᠰᠦᠲᠡᠨ᠂ 1977 ᠣᠨ ᠤ 10 ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ ᠬᠥᠪᠡᠭᠡᠲᠦ ᠰᠢᠷ᠎ᠠ ᠬᠤᠰᠢᠭᠤᠨ ᠤ ᠬᠥᠮᠦᠨ᠃ ᠠᠵᠢᠯ ᠤᠨ ᠪᠠᠶᠢᠷᠢ ᠳᠡᠭᠡᠷᠡᠬᠢ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ  ᠃ 2004 ᠣᠨ ᠤ 6 ᠰᠠᠷ᠎ᠠ ᠳᠤ ᠨᠠᠮ ᠳᠤ ᠣᠷᠣᠵᠤ᠂ 1998 ᠣᠨ ᠤ 8 ᠰᠠᠷ᠎ᠠ ᠳᠤ ᠠᠵᠢᠯ ᠤᠨ  ᠪᠠᠶᠢᠷᠢ ᠳᠤ ᠭᠠᠷᠪᠠ᠃      1996.09 — 1998.07      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠤᠯ ᠠᠶᠢᠮᠠᠭ ᠤᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠶᠢᠨ ᠬᠢᠲᠠᠳ ᠬᠡᠯᠡ ᠤᠳᠬ᠎ᠠ ᠵᠣᠬᠢᠶᠠᠯ ᠤᠨ ᠲᠤᠰᠬᠠᠶ ᠮᠡᠷᠭᠡᠵᠢᠯ ᠳᠤ ᠰᠤᠷᠤᠯᠴᠠᠪᠠ᠃      1998.08 — 2004.06      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠥᠨᠢᠳ ᠪᠠᠷᠠᠭᠤᠨ ᠬᠤᠰᠢᠭᠤᠨ ᠤ ᠮᠣᠩᠭᠤᠯ ᠳᠤᠮᠳᠠᠳᠤ ᠰᠤᠷᠭᠠᠭᠤᠯᠢ ᠳᠤ ᠪᠠᠭᠰᠢᠯᠠᠪᠠ ︵ᠡᠨᠡ ᠬᠤᠭᠤᠷᠣᠨᠳᠣ᠄ 1999 — 2002᠂ 07 ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠮᠣᠩᠭᠤᠯ ᠬᠡᠯᠡ ᠤᠳᠬ᠎ᠠ ᠵᠣᠬᠢᠶᠠᠯ ᠤᠨ ᠲᠤᠰᠬᠠᠶ ᠮᠡᠷᠭᠡᠵᠢᠯ ᠳᠤ ᠰᠤᠷᠤᠯᠴᠠᠪᠠ︶  ᠃      2004.06 — 2006.02       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠥᠨᠢᠳ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠲᠤ ᠠᠵᠢᠯᠯᠠᠵᠤ ᠪᠠᠶᠢᠪᠠ᠃      2006.02 — 2007.04       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠥᠨᠢᠳ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠤᠨ ᠨᠠᠷᠢᠨ ᠪᠢᠴᠢᠭᠡᠴᠢ ︵ᠳᠡᠳ᠋ ᠰᠠᠯᠠᠭᠠᠨ ᠤ ᠲᠠᠰ ︶ ᠎ ᠪᠠᠷ ᠠᠵᠢᠯᠯᠠᠵᠤ ᠪᠠᠶᠢᠪᠠ᠃      2007.04 — 2009.12        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠥᠨᠢᠳ ᠪᠠᠷᠠᠭᠤᠨ ᠬᠤᠰᠢᠭᠤᠨ ᠤ ᠡᠪᠯᠡᠯ ᠤᠨ ᠬᠤᠷᠢᠶᠠᠨ ᠤ ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠪᠠ᠃      2009.12 — 2011.09        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠥᠨᠢᠳ ᠪᠠᠷᠠᠭᠤᠨ ᠬᠤᠰᠢᠭᠤᠨ ᠤ ᠥᠷᠭᠡᠨᠲᠠᠯ᠎ᠠ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠶᠡᠷᠦᠩᠬᠡᠶᠢᠯᠡᠨ ᠵᠠᠰᠠᠬᠤ ᠵᠥᠪᠯᠡᠯ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠪᠠ᠃      2011.09 — 2012.12        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ  ᠶᠢᠨ ᠲᠤᠰᠢᠶᠠᠯ ᠢ ᠬᠠᠷᠢᠭᠤᠴᠠᠵᠤ ᠪᠠᠶᠢᠪᠠ᠃      2012.12 — 2013.01        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠤ ᠲᠤᠰᠢᠶᠠᠯ ᠢ ᠬᠠᠷᠢᠭᠤᠴᠠᠵᠤ ᠪᠠᠶᠢᠪᠠ᠃      2013.01 — 2016.08      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠪᠠ᠃ ︵2013᠂ 09 — 2013.11 ᠰᠧᠴᠤᠸᠠᠨ ᠤ ᠯᠤ᠋ ᠱᠠᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠵᠢᠨ‌‍ᠲ᠋ᠣᠪᠴᠢᠶᠠᠨ ᠳᠤ ᠲᠦᠷ ᠴᠠᠭ ᠤᠨ ᠲᠤᠰᠢᠶᠠᠯ ᠡᠭᠦᠷᠭᠡᠯᠡᠵᠦ᠂ ᠲᠣᠪᠴᠢᠶᠠᠨ ᠳᠠᠷᠤᠭ᠎ᠠ ᠶᠢᠨ ᠲᠤᠰᠠᠯᠠᠭᠴᠢ  ᠪᠠᠷ ᠠᠵᠢᠯᠯᠠᠵᠤ ᠪᠠᠶᠢᠪᠠ︶  ᠃      2016.08 — ᠣᠲᠣ ᠪᠣᠯᠲᠠᠯ᠎ᠠ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠥᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ  ᠶᠢᠨ ᠲᠤᠰᠢᠶᠠᠯ ᠢ ᠬᠠᠷᠢᠭᠤᠴᠠᠵᠤ  ᠪᠠᠶᠢᠨ᠎ᠠ᠃ᠠᠵᠢᠯ ᠶᠢᠨ ᠬᠤᠪᠢᠶᠠᠷᠢᠯᠠᠯ      ᠬᠤᠰᠢᠭᠤ ᠳᠠᠷᠤᠭ᠎ᠠ ᠶᠢ ᠬᠠᠪᠰᠤᠷᠤᠨ ᠮᠠᠯᠵᠢᠬᠤ ᠲᠠᠷᠢᠶᠠᠯᠠᠬᠤ ᠤᠷᠤᠨ  ᠂ ᠲᠠᠷᠢᠶᠠᠯᠠᠩ ᠮᠠᠯ ᠠᠵᠤ ᠠᠬᠤᠢ᠂  ᠤᠰᠤᠨ ᠠᠰᠢᠭᠯᠠᠯᠲᠠ᠂ ᠰᠢᠨᠵᠢᠯᠡᠬᠦ ᠮᠡᠷᠭᠡᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠤᠷᠤᠨ ᠰᠠᠭᠤᠴᠠ ᠪᠠ ᠬᠤᠲᠠ  ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠭᠠᠷ ᠰᠡᠷᠭᠡᠶᠢᠯᠡᠯᠲᠡ᠂ ᠰᠤᠷᠭᠠᠨ ᠬᠥᠮᠥᠵᠢᠯ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ ︵ᠤᠰᠤᠨ ᠠᠰᠢᠭᠯᠠᠯᠲᠠ ᠶᠢᠨ ᠲᠣᠪᠴᠢᠶ᠎ᠠ︶᠂  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠤᠷᠤᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ︶᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠰᠤᠷᠭᠠᠨ ᠬᠦᠮᠦᠵᠢᠯ ᠤᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃      ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ  ᠂ ᠴᠠᠭ ᠠᠭᠤᠷ ᠤᠨ ᠲᠣᠪᠴᠢᠶ᠎ᠠ  ᠂ ᠤᠰᠤᠨ ᠰᠢᠨᠵᠢᠯᠡᠭᠡᠨ ᠤ ᠲᠣᠪᠴᠢᠶ᠎ᠠ  ᠂  ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠬᠠᠮᠢᠢᠶᠠᠷᠤᠯᠲᠠ ᠶᠢᠨ  ᠲᠥᠪ  ᠂  ᠶᠠᠳᠠᠭᠤ ᠶᠢ ᠳᠡᠳᠬᠦᠬᠦ ᠠᠵᠤ ᠦᠢᠯᠡᠰ ᠢ ᠨᠡᠭᠡᠭᠡᠨ ᠠᠰᠢᠭᠯᠠᠬᠤ  ᠬᠢᠵᠠᠭᠠᠷᠲᠤ ᠦᠢᠯᠡᠴᠢᠯᠡᠭᠡᠨ ᠤ ᠺᠣᠮᠫᠠᠨᠢ ᠵᠡᠷᠭᠡ ᠲᠠᠢ ᠬᠤᠯᠪᠣᠭ᠎ᠠ ᠪᠠᠷᠢᠨ᠎ᠠ᠃      ᠬᠤᠰᠢᠭᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号