ᠶᠠᠩ ᠵᠠᠨ ᠴᠢᠩ
ᠨᠡᠶᠢᠲᠡᠯᠡᠭᠰᠡᠨ ᠴᠠᠭ᠄
2019/9/2
ᠲᠣᠪᠴᠢ ᠨᠠᠮᠲᠠᠷ       ᠲᠠᠩ ᠬᠤᠸᠠ᠂ ᠡᠷᠡᠭᠲᠡᠶ᠂ ᠬᠢᠲᠠᠳ ᠦᠨᠳᠦᠰᠦᠲᠡᠨ᠂ 1978 ᠣᠨ ᠤ 5 ᠰᠠᠷ᠎ᠠ ᠳᠤ ᠲᠦᠷᠦᠵᠠᠢ᠂ ᠴᠦᠩᠴᠢᠩ ᠤᠨ ᠸᠠᠨ ᠵᠸᠦ ᠶᠢᠨ ᠬᠥᠮᠦᠨ᠂ 2002 ᠣᠨ ᠤ 7 ᠰᠠᠷ᠎ᠠ ᠳᠤ ᠠᠵᠢᠯ ᠤᠨ ᠪᠠᠶᠢᠷᠢ ᠳᠤ ᠭᠠᠷᠴᠤ᠂ 2008 ᠣᠨ ᠤ 12 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠠᠶ  ᠃ ᠠᠰᠫᠢᠷᠠᠨᠲ ᠶᠢᠨ ᠰᠤᠷᠤᠯᠭ᠎ᠠ ᠶᠢᠨ ᠨᠠᠮᠲᠠᠷ ᠲᠠᠢ᠂ ᠪᠡᠭᠡᠵᠢᠩ ᠤᠨ ᠠᠵᠤ ᠦᠶᠯᠡᠳᠪᠦᠷᠢ ᠶᠢᠨ ᠶᠡᠭᠡ ᠰᠤᠷᠭᠠᠭᠤᠯᠢ ᠶᠢᠨ ᠲᠥᠷᠦᠯ ᠵᠦᠢᠯ ᠤᠨ ᠬᠠᠮᠢᠶᠠᠷᠤᠯᠲᠠ ᠶᠢᠨ  ᠢᠨᠵᠧᠨᠧᠷᠢᠩ ᠤᠨ ᠲᠤᠰᠬᠠᠶ ᠮᠡᠷᠭᠡᠵᠢᠯ ᠠᠴᠠ ᠲᠡᠭᠦᠰᠴᠡᠶ᠃      1997.09︱2002.07  ᠪᠡᠭᠡᠵᠢᠩ ᠤᠨ ᠠᠵᠤ ᠦᠶᠯᠡᠳᠪᠦᠷᠢ ᠶᠢᠨ ᠶᠡᠭᠡ ᠰᠤᠷᠭᠠᠭᠤᠯᠢ ᠶᠢᠨ ᠪᠠᠷᠢᠯᠭ᠎ᠠ ᠶᠢᠨ ᠢᠨᠵᠧᠨᠧᠷᠢᠩ ᠤᠨ ᠲᠤᠰᠬᠠᠶ ᠮᠡᠷᠭᠡᠵᠢᠯ ᠳᠤ ᠰᠤᠷᠤᠯᠴᠠᠪᠠ  ᠃      2002.07︱2004.03  ᠪᠡᠭᠡᠵᠢᠩ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠬᠥᠭᠵᠢᠭᠦᠯᠦᠯᠲᠡ ᠶᠢᠨ ᠲᠣᠪᠴᠢᠶᠠᠨ ᠤ  ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ ᠲᠤ ︵ᠰᠠᠯᠠᠭᠠᠨ ᠳᠡᠰ ᠤᠨ ᠠᠵᠢᠯᠲᠠᠨ︶ᠠᠵᠢᠯᠯᠠᠵᠤ ᠪᠠᠶᠢᠪᠠ᠃      2004.03︱2006.07  ᠪᠡᠭᠡᠵᠢᠩ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠲᠣᠪᠴᠢᠶ᠎ᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠬᠡᠷ ᠲᠤ︵ᠰᠠᠯᠠᠭᠠᠨ ᠳᠡᠰ ᠤᠨ ᠠᠵᠢᠯᠲᠠᠨ︶ᠠᠵᠢᠯᠯᠠᠵᠤ ᠪᠠᠶᠢᠪᠠ᠃      2006.07︱2009.07  ᠪᠡᠭᠡᠵᠢᠩ ᠤᠨ ᠠᠵᠤ ᠠᠬᠤᠶ ᠮᠡᠷᠭᠡᠵᠢᠯ ᠤᠨ ᠨᠡᠭᠡᠭᠡᠨ ᠬᠥᠭᠵᠢᠭᠦᠯᠬᠦ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠬᠥᠭᠵᠢᠭᠦᠯᠦᠯᠲᠡ ᠶᠢᠨ ᠲᠣᠪᠴᠢᠶᠠᠨ ᠳᠤ︵ᠳᠡᠳ᠋ ᠰᠢᠶᠠᠩ ᠤᠨ ᠰᠠᠯᠠᠭᠠᠨ ᠳᠡᠰ︶ᠠᠵᠢᠯᠯᠠᠵᠤ ᠪᠠᠶᠢᠪᠠ ︵ᠡᠨᠡ ᠬᠤᠭᠤᠴᠠᠭᠠᠨ ᠳᠤ᠄ 2008.02︱2008.12 ᠡᠯ᠎ᠡ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠪᠣᠯᠪᠠᠰᠤᠷᠠᠯ ᠳᠤ ᠣᠷᠣᠯᠴᠠᠪᠠ ︶᠃      2009.07︱2012.08  ᠪᠡᠭᠡᠵᠢᠩ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠲᠣᠪᠴᠢᠶᠠᠨ︵ᠵᠢᠩᠬᠢᠨᠢ ᠰᠢᠶᠠᠩ ᠤᠨ ᠰᠠᠯᠠᠭᠠᠨ ᠳᠡᠰ ︶᠎ ᠳᠤ ᠠᠵᠢᠯᠯᠠᠵᠤ ᠪᠠᠶᠢᠪᠠ ︵ᠡᠨᠡ ᠬᠤᠭᠤᠴᠠᠭᠠᠨ ᠳᠤ᠄ 2009.01︱2009.11 ᠡᠯ᠎ᠡ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠪᠣᠯᠪᠠᠰᠤᠷᠠᠯ ᠳᠤ ᠣᠷᠣᠯᠴᠠᠪᠠ  ᠃ 2009.09︱2011.06 ᠪᠡᠭᠡᠵᠢᠩ ᠤᠨ ᠠᠵᠤ ᠦᠶᠯᠡᠳᠪᠦᠷᠢ ᠶᠢᠨ ᠶᠡᠭᠡ ᠰᠤᠷᠭᠠᠭᠤᠯᠢ ᠶᠢᠨ ᠲᠥᠷᠥᠯ ᠵᠦᠶᠯ ᠤᠨ ᠬᠠᠮᠢᠶᠠᠷᠤᠯᠲᠠ ᠶᠢᠨ ᠢᠨᠵᠧᠨᠧᠷᠢᠩ ᠤᠨ ᠲᠤᠰᠬᠠᠶ ᠮᠡᠷᠭᠡᠵᠢᠯ ᠳᠤ ᠠᠵᠢᠯ ᠤᠨ ᠪᠠᠶᠢᠷᠢ ᠳᠡᠭᠡᠷᠡᠬᠢ ᠠᠰᠫᠢᠷᠠᠨᠲ ᠪᠠᠷ ᠰᠤᠷᠤᠯᠴᠠᠵᠤ᠂ ᠢᠨᠵᠧᠨᠧᠷᠢᠩ ᠤᠨ ᠮᠠᠰᠲ᠋ᠧᠷ ᠴᠣᠯᠠ ᠬᠠᠮᠠᠭᠠᠯᠠᠪᠠ ︶᠃      2012.08︱2018.04  ᠪᠡᠭᠡᠵᠢᠩ ᠬᠤᠲᠠ ᠶᠢᠨ ᠳ᠋ᠠ ᠰᠢᠩ ᠲᠣᠭᠤᠷᠢᠭ ᠤᠨ ᠵᠢᠦ ᠬᠥᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠳᠡᠳ᠋  ᠪᠠᠯᠭᠠᠰᠤᠨ ᠳᠠᠷᠤᠭ᠎ᠠ᠂  ᠭᠠᠵᠠᠷ ᠣᠷᠣᠨ ᠤ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ ︵ᠳᠡᠳ᠋ ᠰᠢᠶᠠᠨ ᠤ ᠭᠠᠵᠠᠷ ᠤᠨ ᠳᠡᠰ ᠤᠨ ᠺᠠᠳᠡᠷ︶᠎ ᠶᠢᠨ ᠲᠤᠰᠢᠶᠠᠯ ᠬᠠᠷᠢᠭᠤᠴᠠᠵᠤ ᠪᠠᠶᠢᠪᠠ᠃      2018.04 ︱ᠣᠳᠣ ᠪᠣᠯᠲᠠᠯ᠎ᠠ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠰᠥᠨᠢᠳ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠶᠢᠨ ᠲᠤᠰᠢᠶᠠᠯ︵ᠲᠦᠷ  ᠤᠨ ᠲᠤᠰᠢᠶᠠᠯ  ︶ᠡᠭᠦᠷᠭᠡᠯᠡᠵᠦ ᠪᠠᠶᠢᠨ᠎ᠠ  ᠃
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号