ᠪᠥᠷᠢᠨᠳᠡᠯᠭᠡᠷ
ᠨᠡᠶᠢᠲᠡᠯᠡᠭᠰᠡᠨ ᠴᠠᠭ᠄
2019/9/2
ᠪᠦᠷᠢᠨᠳᠡᠯᠭᠡᠷ ᠨᠥᠬᠦᠷ ᠤᠨ ᠲᠣᠪᠴᠢ ᠨᠠᠮᠲᠠᠷ      ᠪᠦᠷᠢᠨᠳᠡᠯᠭᠡᠷ᠂ ᠡᠷᠡᠭᠲᠡᠶ᠂ ᠮᠣᠩᠭᠤᠯ ᠦᠨᠳᠦᠰᠦᠲᠡᠨ᠂ 1970 ᠣᠨ ᠤ 8 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠬᠥᠪᠡᠭᠡᠲᠦ ᠰᠢᠷ᠎ᠠ ᠬᠤᠰᠢᠭᠤᠨ ᠤ ᠬᠥᠮᠥᠨ᠃ 1995 ᠣᠨ ᠤ 7 ᠰᠠᠷ᠎ᠠ ᠳᠤ ᠠᠵᠢᠯ ᠤᠨ ᠪᠠᠶᠢᠷᠢ ᠳᠤ ᠭᠠᠷᠴᠠᠢ᠃      1989.09 — 1994.07  ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠳᠡᠭᠡᠳᠦ ᠰᠤᠷᠭᠠᠭᠤᠯᠢ ᠶᠢᠨ ᠮᠠᠯ ᠡᠮᠨᠡᠯᠭᠡ ᠶᠢᠨ ᠲᠤᠰᠬᠠᠶ ᠮᠡᠷᠭᠡᠵᠢᠯ ᠳᠤ ᠰᠤᠷᠤᠯᠴᠠᠪᠠ  ᠃      1994.07 — 1995.07  ᠬᠤᠪᠢᠶᠠᠷᠢᠯᠠᠯᠲᠠ  ᠬᠦᠯᠢᠶᠡᠪᠡ᠃      1995.07 — 1999.07  ᠰᠥᠨᠢᠳ ᠪᠠᠷᠠᠭᠤᠨ ᠬᠤᠰᠢᠭᠤᠨ ᠤ ᠮᠠᠯ ᠠᠵᠤ ᠠᠬᠤᠶ ᠮᠠᠯ ᠡᠮᠨᠡᠯᠭᠡ ᠶᠢᠨ ᠥᠷᠲᠡᠭᠡᠨ ᠳᠤ ᠠᠵᠢᠯᠯᠠᠪᠠ᠃      1999.07 — 2002.10  ᠰᠥᠨᠢᠳ ᠪᠠᠷᠠᠭᠤᠨ ᠬᠤᠰᠢᠭᠤᠨ ᠤ ᠮᠠᠯ ᠡᠮᠨᠡᠯᠭᠡ ᠶᠢᠨ ᠥᠷᠲᠡᠭᠡᠨ ᠳᠤ ᠳᠡᠳ᠋ ᠳᠠᠷᠤᠭ᠎ᠠ ᠶᠢᠨ ᠲᠤᠰᠢᠶᠠᠯ ᠬᠠᠷᠢᠭᠤᠴᠠᠪᠠ ︵ ᠲᠣᠰ ᠬᠤᠭᠤᠴᠠᠭᠠᠨ ᠳᠤ᠄ 2001 ᠣᠨ ᠳᠤ ᠥᠪᠥᠷ ᠮᠣᠩᠭᠤᠯ ᠤᠨ ᠰᠥᠨᠢᠳ ᠪᠠᠷᠠᠭᠤᠨ ᠬᠤᠰᠢᠭᠤᠨ ᠤ ᠳᠦᠭᠦᠷᠡᠩᠥ᠌ᠯᠵᠡᠢ ᠰᠤᠮᠤᠨ ᠤ ᠤᠯᠠᠭᠠᠨᠬᠠᠳᠠ ᠭᠠᠴᠠᠭᠠᠨ ᠳᠤ ᠨᠢᠭᠡ ᠵᠢᠯ ᠲᠤᠰᠢᠶᠠᠯ ᠡᠭᠦᠷᠭᠡᠯᠡᠨ ᠪᠣᠯᠪᠠᠰᠤᠷᠠᠪᠠ︶᠃      2002.10 — 2003.10  ᠰᠥᠨᠢᠳ ᠪᠠᠷᠠᠭᠤᠨ ᠬᠤᠰᠢᠭᠤᠨ ᠤ ᠴᠢᠭᠢᠷᠠᠭᠳᠤ ᠨᠡᠭᠦᠳᠡᠯ ᠠᠷᠠᠳ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ  ᠶᠢᠨ ᠲᠤᠰᠢᠶᠠᠯ ᠢ ᠬᠠᠷᠢᠭᠤᠴᠠᠵᠤ ᠪᠠᠶᠢᠪᠠ᠃      2003.10 — 2007.04  ᠰᠥᠨᠢᠳ ᠪᠠᠷᠠᠭᠤᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠡᠳ᠋ ᠳᠠᠷᠤᠭ᠎ᠠ᠂ ᠮᠠᠯ ᠡᠮᠨᠡᠯᠭᠡ ᠶᠢᠨ ᠥᠷᠲᠡᠭᠡᠨ ᠤ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠪᠠ᠃      2007.04 — 2008.02  ᠰᠥᠨᠢᠳ ᠪᠠᠷᠠᠭᠤᠨ ᠬᠤᠰᠢᠭᠤᠨ ᠤ ᠬᠥᠮᠦᠨ ᠠᠮᠠ ᠶᠢ ᠰᠢᠯᠵᠢᠭᠦᠯᠬᠦ ᠠᠯᠪᠠᠨ ᠬᠡᠷ ᠤᠨ ᠳᠡᠳ᠋ ᠡᠷᠬᠢᠯᠡᠭᠴᠢ᠂ ᠡᠷᠢᠶᠡᠨ ᠬᠤᠲᠠ ᠶᠢᠨ ᠭᠠᠳᠠᠭᠠᠳᠤ ᠶᠠᠪᠤᠳᠠᠯ ᠤᠨ ᠭᠠᠵᠠᠷ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠪᠠ᠃      2008.02 — 2010.09  ᠰᠥᠨᠢᠳ ᠪᠠᠷᠠᠭᠤᠨ ᠬᠤᠰᠢᠭᠤᠨ ᠤ ᠠᠮᠢ ᠠᠬᠤᠶ ᠶᠢᠨ ᠠᠯᠪᠠᠨ ᠬᠡᠷ ᠤᠨ ᠳᠡᠳ᠋ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠪᠠ᠃      2010.09-2018.01  ᠰᠥᠨᠢᠳ ᠪᠠᠷᠠᠭᠤᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠡᠳ᠋ ᠳᠠᠷᠤᠭ᠎ᠠ᠂ ᠮᠠᠯ ᠡᠮᠨᠡᠯᠭᠡ ᠶᠢᠨ ᠲᠣᠪᠴᠢᠶᠠᠨ ᠤ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠪᠠ᠃      2018.01 — ᠣᠳᠤ ᠪᠣᠯᠲᠠᠯ᠎ᠠ  ᠰᠥᠨᠢᠳ ᠪᠠᠷᠠᠭᠤᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶᠠᠨ ᠤ ᠳᠡᠳ᠋ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ  ᠪᠠᠶᠢᠨ᠎ᠠ᠃ᠠᠵᠢᠯ ᠶᠢᠨ ᠬᠤᠪᠢᠶᠠᠷᠢᠯᠠᠯ      ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠡᠷᠬᠢᠯᠡᠭᠴᠢ ᠶᠢᠨ ᠠᠵᠢᠯ ᠢ ᠬᠠᠪᠰᠤᠷᠴᠤ᠂ ᠠᠵᠢᠯᠲᠠᠨ ᠤ ᠶᠠᠪᠤᠳᠠᠯ ᠤᠨ ᠲᠥᠯᠥᠭᠡᠯᠡᠭᠴᠢ ᠶᠢ ᠰᠣᠩᠭᠤᠬᠤ ᠠᠵᠢᠯ ᠤᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ ᠵᠥᠪᠯᠡᠯ ᠢ ᠬᠤᠪᠢᠳᠠᠨ ᠬᠠᠮᠢᠶᠠᠷᠤᠨ᠎ᠠ᠃ ᠠᠷᠠᠳ ᠤᠨ ᠶᠠᠪᠤᠳᠠᠯ᠂ ᠲᠠᠷᠢᠶᠠᠯᠠᠩ ᠮᠠᠯ ᠠᠵᠤ ᠠᠬᠤᠶ᠂ ᠰᠢᠨᠵᠢᠯᠡᠬᠦ ᠤᠬᠠᠭᠠᠨ ᠮᠡᠷᠭᠡᠵᠢᠯ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ᠂ ᠣᠢ ᠰᠢᠭᠤᠶ ᠨᠤᠲᠤᠭ ᠪᠡᠯᠴᠢᠭᠡᠷ ᠵᠡᠷᠭᠡ ᠲᠠᠯ᠎ᠠ ᠶᠢᠨ ᠠᠵᠢᠯ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠴᠠᠭ ᠠᠭᠤᠷ ᠤᠨ ᠲᠣᠪᠴᠢᠶ᠎ᠠ ᠲᠠᠢ ᠬᠤᠯᠪᠣᠭ᠎ᠠ ᠪᠠᠷᠢᠨ᠎ᠠ᠃
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号