ᠴᠢᠨ ᠯᠢᠶᠠᠩ
ᠨᠡᠶᠢᠲᠡᠯᠡᠭᠰᠡᠨ ᠴᠠᠭ᠄
2019/9/2
ᠲᠣᠪᠴᠢ ᠨᠠᠮᠲᠠᠷ      ᠨᠠᠨᠳᠢᠨ ᠡᠷᠡᠭᠲᠡᠶ᠂ ᠮᠣᠩᠭᠤᠯ ᠦᠨᠳᠦᠰᠦᠲᠡᠨ᠂ 1996 ᠣᠨ ᠤ 10 ᠰᠠᠷ᠎ᠠ ᠳᠤ ᠠᠵᠢᠯ ᠤᠨ ᠪᠠᠶᠢᠷᠢ ᠳᠤ ᠭᠠᠷᠴᠤ᠂ 1999 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠠᠶ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠃      1993.09 — 1996.07  ᠥᠪᠥᠷ ᠮᠣᠩᠭᠤᠯ ᠤᠨ ᠮᠣᠩᠭᠤᠯ ᠬᠡᠯᠡᠨ ᠤ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠣᠷᠴᠢᠭᠤᠯᠭ᠎ᠠ ᠶᠢᠨ ᠰᠠᠯᠪᠤᠷᠢ ᠶᠢᠨ ᠣᠷᠣᠰ ᠬᠡᠯᠡᠨ ᠤ ᠲᠤᠰᠬᠠᠶ ᠮᠡᠷᠭᠡᠵᠢᠯ ᠳᠤ ᠰᠤᠷᠤᠯᠴᠠᠪᠠ  ᠃      1996.10 — 1997.06  ᠰᠢᠯᠢᠩᠬᠤᠲᠠ ᠶᠢᠨ ᠬᠥᠳᠡᠯᠮᠦᠷᠢ ᠠᠵᠢᠯᠲᠠᠨ ᠤ ᠶᠠᠪᠤᠳᠠᠯ ᠶᠢᠨ ᠲᠣᠪᠴᠢᠶᠠᠨ ᠳᠤ ᠠᠵᠢᠯᠯᠠᠵᠤ ᠪᠠᠶᠢᠪᠠ᠃1997.06 — 2000.05  ᠰᠢᠯᠢᠩᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠨᠠᠷᠢᠨ ᠪᠢᠴᠢᠭᠡᠴᠢ ᠪᠠᠷ ᠠᠵᠢᠯᠯᠠᠵᠤ ᠪᠠᠶᠢᠪᠠ᠃      2000.05 — 2000.11  ᠰᠢᠯᠢᠩᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠤ ᠠᠵᠢᠯᠯᠠᠵᠤ ᠪᠠᠶᠢᠪᠠ᠃      2000.11 — 2003.08  ᠰᠢᠯᠢᠩᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠨᠠᠷᠢᠨ ᠪᠢᠴᠢᠭᠡᠴᠢ ᠪᠠᠷ ᠠᠵᠢᠯᠯᠠᠵᠤ ᠪᠠᠶᠢᠪᠠ᠃      2003.08 — 2006.12  ᠰᠢᠯᠢᠩᠬᠤᠲᠠ ᠶᠢᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠬᠠᠮᠢᠶᠠᠷᠤᠯᠲᠠ ᠶᠢᠨ ᠠᠯᠪᠠᠨ ᠬᠡᠷ ᠲᠤ ᠳᠡᠳ᠋ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠪᠠ ︵ᠲᠣᠰ ᠬᠤᠭᠤᠴᠠᠭᠠᠨ ᠳᠤ᠄ 2004.05 — 2004.11  ᠠᠶᠢᠮᠠᠭ ᠤᠨ ᠭᠥᠯᠢᠶᠡᠨ ᠵᠣᠴᠢᠯᠠᠬᠤ ᠭᠠᠵᠠᠷ ᠲᠤ ᠵᠢᠭᠡᠯᠡᠨ ᠰᠢᠯᠵᠢᠭᠦᠯᠵᠦ᠂ ᠶᠡᠷᠦᠩᠬᠡᠶᠢᠯᠡᠭᠰᠡᠨ ᠰᠠᠯᠠᠭᠠᠨ ᠤ ᠳᠡᠳ᠋ ᠰᠠᠯᠠᠭᠠᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠪᠠ︶  ᠃      2006.12 — 2014.01  ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠲᠢᠩᠬᠢᠮ ᠲᠤ ᠠᠵᠢᠯᠯᠠᠵᠤ ᠪᠠᠶᠢᠪᠠ ︵ ᠲᠣᠰ  ᠬᠤᠭᠤᠴᠠᠭᠠᠨ ᠳᠤ᠄ ᠨᠠᠷᠢᠨ ᠪᠢᠴᠢᠭᠡᠴᠢ ᠶᠢᠨ ᠳᠥᠷᠪᠡᠳᠦᠭᠡᠷ ᠭᠠᠵᠠᠷ ᠤᠨ ᠡᠷᠬᠢᠯᠡᠭᠴᠢ ᠂ ᠨᠠᠷᠢᠨ ᠪᠢᠴᠢᠭᠡᠴᠢ ᠶᠢᠨ ᠨᠢᠭᠡᠳᠦᠭᠡᠷ ᠭᠠᠵᠠᠷ ᠤᠨ ᠳᠡᠳ᠋ ᠳᠠᠷᠤᠭ᠎ᠠ᠂ ᠨᠠᠷᠢᠨ ᠪᠢᠴᠢᠭ ᠤᠨ ᠭᠠᠵᠠᠷ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠪᠠ  ᠃ 2011.08 — 2014.01 ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠵᠤ ᠠᠬᠤᠶ ᠶᠢᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠶᠢᠨ ᠳᠡᠭᠡᠷᠡᠬᠢ ᠠᠰᠫᠢᠷᠠᠨᠲ ᠤᠨ ᠠᠩᠭᠢ ᠳᠤ ᠰᠤᠷᠤᠯᠴᠠᠪᠠ︶  ᠃      2014.01 — 2015.12  ᠰᠢᠯᠢ ᠶᠢᠨ ᠭᠤᠤᠯ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠪᠠ᠃      2015.12 — ᠣᠳᠣ ᠪᠣᠯᠲᠠᠯ᠎ᠠ  ᠰᠥᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ ︵ᠲᠣᠰ ᠬᠤᠭᠤᠴᠠᠭᠠᠨ ᠳᠤ᠄ 2016.11—2017.01 ᠰᠧᠴᠤᠸᠠᠨ ᠮᠤᠵᠢ ᠶᠢᠨ ᠯᠤᠱᠠᠨ ᠬᠤᠲᠠ ᠶᠢᠨ ᠣᠶ ᠰᠢᠭᠤᠶ ᠶᠢᠨ  ᠲᠣᠪᠴᠢᠶᠠᠨ  ᠳᠤ ᠲᠣᠪᠴᠢᠶᠠᠨ ᠳᠠᠷᠤᠭ᠎ᠠ ᠶᠢᠨ ᠲᠤᠰᠠᠯᠠᠭᠴᠢ ︵ᠲᠦᠷ ᠴᠠᠭ ᠲᠤᠰᠢᠶᠠᠯ︶ ᠶᠢᠨ ᠲᠤᠰᠢᠶᠠᠯ ᠢ ᠡᠭᠦᠷᠭᠡᠯᠡᠵᠦ  ᠪᠠᠶᠢᠪᠠ︶  ᠃ᠠᠵᠢᠯ ᠶᠢᠨ ᠬᠤᠪᠢᠶᠠᠷᠢᠯᠠᠯ      ᠬᠤᠰᠢᠭᠤ ᠳᠠᠷᠤᠭ᠎ᠠ ᠶᠢ ᠬᠠᠮᠵᠢᠨ ᠠᠵᠤ ᠦᠢᠯᠡᠳᠪᠦᠷᠢ ᠶᠢᠨ ᠠᠵᠤ ᠠᠬᠤᠶ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ᠂ ᠲᠣᠮᠣ ᠳ᠋ᠠᠶᠢᠲ᠋ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠵᠠᠰᠠᠭ ᠤᠨ ᠣᠷᠳᠣᠨ ᠤ ᠠᠯᠪᠠᠨ ᠭᠡᠷ ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ᠂ ᠬᠠᠤᠯᠢ ᠳᠦᠷᠢᠮ ᠤᠨ ᠠᠯᠪᠠᠨ ᠭᠡᠷ᠂ ᠭᠠᠵᠠᠷ ᠬᠥᠳᠡᠯᠦᠯᠲᠡ ᠶᠢᠨ ᠲᠣᠪᠴᠢᠶ᠎ᠠ᠂ ᠠᠵᠤ ᠠᠬᠤᠶ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠬᠤᠳᠠᠯᠳᠤᠭᠠᠴᠢᠨ ᠤᠷᠢᠬᠤ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ︵ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠥᠪ︶᠂ ᠵᠢᠷᠦᠬᠡ ᠶᠢᠨ ᠠᠵᠤ  ᠦᠢᠯᠡᠳᠪᠦᠷᠢᠯᠡᠯ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠢ ᠬᠤᠪᠢᠳᠠᠨ ᠬᠠᠮᠢᠶᠠᠷᠤᠨ᠎ᠠ᠃ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠳᠠᠩᠰᠠ ᠡᠪᠬᠡᠮᠡᠯ ᠤᠨ ᠲᠣᠪᠴᠢᠶ᠎ᠠ᠂ ᠴᠠᠬᠢᠯᠭᠠᠨ ᠬᠠᠩᠭᠠᠬᠤ ᠲᠣᠪᠴᠢᠶ᠎ᠠ ᠲᠠᠢ ᠬᠤᠯᠪᠣᠭ᠎ᠠ ᠪᠠᠷᠢᠨ᠎ᠠ᠃
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号