ᠮᠥᠷᠡᠨ ᠨᠥᠬᠦᠷ ᠤᠨ ᠲᠣᠪᠴᠢ ᠨᠠᠮᠲᠠᠷ | ᠮᠥᠷᠡᠨ᠂ ᠡᠷᠡᠭᠲᠡᠶ᠂ ᠮᠣᠩᠭᠤᠯ ᠦᠨᠳᠦᠰᠦᠲᠡᠨ᠂ 1977 ᠣᠨ ᠤ 10 ᠰᠠᠷ᠎ᠠ ᠳᠤ ᠲᠦᠷᠦᠵᠠᠢ᠂ ᠥᠪᠥᠷ | ᠮᠣᠩᠭᠤᠯ ᠤᠨ ᠬᠥᠪᠡᠭᠡᠲᠦ ᠰᠢᠷ᠎ᠠ ᠬᠤᠰᠢᠭᠤᠨ ᠤ ᠬᠥᠮᠦᠨ᠃ ᠠᠵᠢᠯ ᠤᠨ ᠪᠠᠶᠢᠷᠢ ᠳᠡᠭᠡᠷᠡᠬᠢ ᠶᠡᠭᠡ ᠰᠤᠷᠭᠠᠭᠤᠯᠢ ᠶᠢᠨ | ᠰᠤᠷᠤᠯᠭ᠎ᠠ ᠶᠢᠨ ᠨᠠᠮᠲᠠᠷ ᠲᠠᠢ ᠃ 2004 ᠣᠨ ᠤ 6 ᠰᠠᠷ᠎ᠠ ᠳᠤ ᠨᠠᠮ ᠳᠤ ᠣᠷᠣᠵᠤ᠂ 1998 ᠣᠨ ᠤ 8 | ᠰᠠᠷ᠎ᠠ ᠳᠤ ᠠᠵᠢᠯ ᠤᠨ ᠪᠠᠶᠢᠷᠢ ᠳᠤ ᠭᠠᠷᠪᠠ᠃ | 1996.09 — 1998.07 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠢᠯᠢ ᠶᠢᠨ ᠭᠤᠤᠯ ᠠᠶᠢᠮᠠᠭ ᠤᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠶᠢᠨ ᠬᠢᠲᠠᠳ ᠬᠡᠯᠡ ᠤᠳᠬ᠎ᠠ | ᠵᠣᠬᠢᠶᠠᠯ ᠤᠨ ᠲᠤᠰᠬᠠᠶ ᠮᠡᠷᠭᠡᠵᠢᠯ ᠳᠤ ᠰᠤᠷᠤᠯᠴᠠᠪᠠ᠃ | 1998.08 — 2004.06 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠥᠨᠢᠳ ᠪᠠᠷᠠᠭᠤᠨ ᠬᠤᠰᠢᠭᠤᠨ ᠤ ᠮᠣᠩᠭᠤᠯ ᠳᠤᠮᠳᠠᠳᠤ ᠰᠤᠷᠭᠠᠭᠤᠯᠢ ᠳᠤ ᠪᠠᠭᠰᠢᠯᠠᠪᠠ ︵ᠡᠨᠡ ᠬᠤᠭᠤᠷᠣᠨᠳᠣ᠄ | 1999 — 2002᠂ 07 ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠮᠣᠩᠭᠤᠯ ᠬᠡᠯᠡ | ᠤᠳᠬ᠎ᠠ ᠵᠣᠬᠢᠶᠠᠯ ᠤᠨ ᠲᠤᠰᠬᠠᠶ ᠮᠡᠷᠭᠡᠵᠢᠯ ᠳᠤ ᠰᠤᠷᠤᠯᠴᠠᠪᠠ︶ ᠃ | 2004.06 — 2006.02 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠥᠨᠢᠳ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠲᠤ ᠠᠵᠢᠯᠯᠠᠵᠤ ᠪᠠᠶᠢᠪᠠ᠃ | 2006.02 — 2007.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠥᠨᠢᠳ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠤᠨ ᠨᠠᠷᠢᠨ ᠪᠢᠴᠢᠭᠡᠴᠢ ︵ᠳᠡᠳ᠋ ᠰᠠᠯᠠᠭᠠᠨ ᠤ | ᠲᠠᠰ ︶ ᠪᠠᠷ ᠠᠵᠢᠯᠯᠠᠵᠤ ᠪᠠᠶᠢᠪᠠ᠃ | 2007.04 — 2009.12 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠥᠨᠢᠳ ᠪᠠᠷᠠᠭᠤᠨ ᠬᠤᠰᠢᠭᠤᠨ ᠤ ᠡᠪᠯᠡᠯ ᠤᠨ ᠬᠤᠷᠢᠶᠠᠨ ᠤ ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠪᠠ᠃ | 2009.12 — 2011.09 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠥᠨᠢᠳ ᠪᠠᠷᠠᠭᠤᠨ ᠬᠤᠰᠢᠭᠤᠨ ᠤ ᠥᠷᠭᠡᠨᠲᠠᠯ᠎ᠠ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠶᠡᠷᠦᠩᠬᠡᠶᠢᠯᠡᠨ ᠵᠠᠰᠠᠬᠤ ᠵᠥᠪᠯᠡᠯ ᠤᠨ ᠡᠷᠬᠢᠯᠡᠭᠴᠢ ᠶᠢᠨ | ᠲᠤᠰᠢᠶᠠᠯ ᠢ ᠬᠠᠷᠢᠭᠤᠴᠠᠵᠤ ᠪᠠᠶᠢᠪᠠ᠃ | 2011.09 — 2012.12 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ | ᠬᠠᠷᠢᠭᠤᠴᠠᠵᠤ ᠪᠠᠶᠢᠪᠠ᠃ | 2012.12 — 2013.01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ ᠤ ᠲᠤᠰᠢᠶᠠᠯ ᠢ ᠬᠠᠷᠢᠭᠤᠴᠠᠵᠤ ᠪᠠᠶᠢᠪᠠ᠃ | 2013.01 — 2016.08 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠶᠢᠨ | ᠲᠤᠰᠢᠶᠠᠯ ᠢ ᠬᠠᠷᠢᠭᠤᠴᠠᠵᠤ ᠪᠠᠶᠢᠪᠠ᠃ ︵2013᠂ 09 — 2013.11 ᠰᠧᠴᠤᠸᠠᠨ ᠤ ᠯᠤ᠋ ᠱᠠᠨ | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠲᠥᠯᠥᠪᠵᠢᠭᠦᠯᠭᠡ ᠪᠥᠲᠥᠭᠡᠨ | ᠪᠠᠶᠢᠭᠤᠯᠤᠯᠲᠠ ᠵᠢᠨᠲ᠋ᠣᠪᠴᠢᠶᠠᠨ ᠳᠤ ᠲᠦᠷ ᠴᠠᠭ ᠤᠨ ᠲᠤᠰᠢᠶᠠᠯ ᠡᠭᠦᠷᠭᠡᠯᠡᠵᠦ᠂ ᠲᠣᠪᠴᠢᠶᠠᠨ ᠳᠠᠷᠤᠭ᠎ᠠ ᠶᠢᠨ | ᠲᠤᠰᠠᠯᠠᠭᠴᠢ ᠪᠠᠷ ᠠᠵᠢᠯᠯᠠᠵᠤ ᠪᠠᠶᠢᠪᠠ︶ ᠃ | 2016.08 — ᠣᠲᠣ ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠥᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠶᠢᠨ | ᠲᠤᠰᠢᠶᠠᠯ ᠢ ᠬᠠᠷᠢᠭᠤᠴᠠᠵᠤ ᠪᠠᠶᠢᠨ᠎ᠠ᠃ | | ᠠᠵᠢᠯ ᠶᠢᠨ ᠬᠤᠪᠢᠶᠠᠷᠢᠯᠠᠯ | ᠬᠤᠰᠢᠭᠤ ᠳᠠᠷᠤᠭ᠎ᠠ ᠶᠢ ᠬᠠᠪᠰᠤᠷᠤᠨ ᠮᠠᠯᠵᠢᠬᠤ ᠲᠠᠷᠢᠶᠠᠯᠠᠬᠤ ᠤᠷᠤᠨ ᠂ ᠲᠠᠷᠢᠶᠠᠯᠠᠩ ᠮᠠᠯ ᠠᠵᠤ ᠠᠬᠤᠢ᠂ | ᠤᠰᠤᠨ ᠠᠰᠢᠭᠯᠠᠯᠲᠠ᠂ ᠰᠢᠨᠵᠢᠯᠡᠬᠦ ᠮᠡᠷᠭᠡᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠤᠷᠤᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠭᠠᠷ ᠰᠡᠷᠭᠡᠶᠢᠯᠡᠯᠲᠡ᠂ ᠰᠤᠷᠭᠠᠨ | ᠬᠥᠮᠥᠵᠢᠯ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠵᠡᠷᠭᠡ ᠲᠠᠯ᠎ᠠ ᠶᠢᠨ ᠠᠵᠢᠯ ᠢ | ᠬᠠᠷᠢᠭᠤᠴᠠᠨ᠎ᠠ᠃ | ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ ︵ᠤᠰᠤᠨ | ᠠᠰᠢᠭᠯᠠᠯᠲᠠ ᠶᠢᠨ ᠲᠣᠪᠴᠢᠶ᠎ᠠ︶᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠤᠷᠤᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠠᠯᠪᠠᠨ ᠭᠡᠷ︶᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠲᠣᠪᠴᠢᠶ᠎ᠠ᠂ ᠰᠤᠷᠭᠠᠨ ᠬᠦᠮᠦᠵᠢᠯ ᠤᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠂ ᠴᠠᠭ ᠠᠭᠤᠷ ᠤᠨ ᠲᠣᠪᠴᠢᠶ᠎ᠠ ᠂ ᠤᠰᠤᠨ | ᠰᠢᠨᠵᠢᠯᠡᠭᠡᠨ ᠤ ᠲᠣᠪᠴᠢᠶ᠎ᠠ ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ | ᠬᠠᠮᠢᠢᠶᠠᠷᠤᠯᠲᠠ ᠶᠢᠨ ᠲᠥᠪ ᠂ ᠶᠠᠳᠠᠭᠤ ᠶᠢ ᠳᠡᠳᠬᠦᠬᠦ ᠠᠵᠤ ᠦᠢᠯᠡᠰ ᠢ ᠨᠡᠭᠡᠭᠡᠨ ᠠᠰᠢᠭᠯᠠᠬᠤ ᠬᠢᠵᠠᠭᠠᠷᠲᠤ | ᠦᠢᠯᠡᠴᠢᠯᠡᠭᠡᠨ ᠤ ᠺᠣᠮᠫᠠᠨᠢ ᠵᠡᠷᠭᠡ ᠲᠠᠢ ᠬᠤᠯᠪᠣᠭ᠎ᠠ ᠪᠠᠷᠢᠨ᠎ᠠ᠃ | ᠬᠤᠰᠢᠭᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | |