| | 9 ᠰᠠᠷ᠎ᠠ ᠶᠢᠨ 25 ᠤ ᠡᠳᠦᠷ᠂ ᠪᠦᠬᠦ ᠤᠯᠤᠰ ᠤᠨ ︽ᠬᠠᠮᠤᠭ ᠤᠨ ᠭᠤᠶᠣ ᠡᠷᠡᠯᠬᠡᠭᠯᠡᠨ ᠲᠡᠮᠡᠴᠡᠭᠴᠢ︾ ᠶᠢ | ᠰᠢᠯᠭᠠᠷᠠᠭᠤᠯᠤᠨ ᠭᠥᠬᠢᠭᠦᠯᠬᠦ ᠶᠡᠭᠡ ᠬᠤᠷᠠᠯ ᠪᠡᠭᠡᠵᠢᠩ ᠳᠤ ᠶᠠᠪᠤᠭᠳᠠᠪᠠ᠃ ᠬᠤᠷᠠᠯ ᠳᠤ᠂ ᠵᠠᠩ ᠹᠦ᠋ ᠴᠢᠩ ᠵᠡᠷᠭᠡ | 278 ᠬᠤᠪᠢ ᠬᠥᠮᠦᠨ᠂ ᠰᠢ ᠠᠨ ᠤ ᠵᠠᠮ ᠬᠠᠷᠢᠴᠠᠭᠠᠨ ᠤ ᠶᠡᠭᠡ ᠰᠣᠷᠭᠠᠭᠤᠯᠢ ᠶᠢᠨ ︽ᠪᠠᠷᠠᠭᠤᠨᠰᠢ ᠨᠡᠭᠦᠭᠰᠡᠳ︾ | ᠤᠨ ᠤᠯᠤᠰ ᠢᠶᠠᠨ ᠬᠠᠶᠢᠷᠠᠯᠠᠵᠤ ᠡᠷᠡᠯᠬᠡᠭᠯᠡᠨ ᠲᠡᠮᠡᠴᠡᠭᠰᠡᠨ ᠲᠡᠷᠢᠭᠦᠨ ᠤ ᠬᠠᠮᠲᠦ ᠨᠡᠶᠢᠲᠠ ᠵᠡᠷᠭᠡ 22 ᠬᠠᠮᠲᠤ | ᠨᠢᠭᠡᠴᠢ ᠳᠤ ︽ᠬᠠᠮᠤᠭ ᠤᠨ ᠭᠤᠶᠣ ᠡᠷᠡᠯᠬᠡᠭᠯᠡᠨ ᠲᠡᠮᠡᠴᠡᠭᠴᠢ︾ ᠶᠢᠨ ᠴᠤᠯᠠ ᠶᠢ ᠣᠯᠭᠤᠪᠠ᠃ ᠡᠭᠦᠨ ᠳᠤ ᠮᠠᠨ ᠤ | ᠠᠶᠢᠮᠠᠭ ᠠᠴᠠ ᠲᠤᠰ ᠴᠣᠯᠠ ᠶᠢ ᠬᠦᠷᠲᠡᠭᠰᠡᠨ ᠬᠤᠪᠢ ᠬᠥᠮᠦᠨ ᠪᠠ ᠬᠠᠮᠲᠤ ᠨᠢᠭᠡᠴᠢ ᠲᠤᠰᠪᠥᠷᠢ ᠨᠢᠭᠡ ᠪᠠᠶᠢᠵᠤ᠂ | ᠰᠥᠨᠢᠳ ᠪᠠᠷᠠᠭᠤᠨᠬᠤᠰᠢᠭᠤᠨ ᠤ ᠤᠯᠠᠭᠠᠨᠮᠥ᠋ᠴᠢᠷ ᠬᠠᠮᠲᠤ ᠨᠢᠭᠡᠴᠢ ᠶᠢᠨ ︽ᠬᠠᠮᠤᠭ ᠤᠨ ᠭᠤᠶᠣ ᠡᠷᠡᠯᠬᠡᠭᠯᠡᠨ | ᠲᠡᠮᠡᠴᠡᠭᠴᠢ︾ ᠶᠢᠨ ᠴᠣᠯᠠ ᠶᠢ ᠬᠦᠷᠲᠡᠵᠠᠢ᠃ | | | | ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ | ᠤᠯᠠᠭᠠᠨᠮᠥ᠋ᠴᠢᠷ ᠪᠣᠯ ᠥᠪᠥᠷ ᠮᠣᠩᠭᠤᠯ ᠤᠨ ᠣᠯᠠᠨ ᠨᠡᠶᠢᠲᠡ ᠶᠢᠨ ᠰᠣᠶᠤᠯ ᠤᠨ ᠦᠢᠯᠡᠴᠢᠯᠡᠭᠡᠨ ᠤ ᠭᠤᠣᠯ | ᠬᠦᠴᠦᠨ ᠴᠡᠷᠢᠭ᠂ ᠣᠶᠤᠨ ᠤ ᠪᠣᠯᠪᠠᠰᠤᠨ ᠤ ᠪᠠᠶᠢᠭᠤᠯᠤᠯᠲᠠ ᠪᠠ ᠦᠨᠳᠦᠰᠦᠲᠡᠨ ᠤ ᠰᠣᠶᠤᠯ ᠤᠨ ᠬᠦᠴᠦᠷᠬᠡᠭ | ᠣᠷᠣᠨ ᠤ ᠪᠠᠶᠢᠭᠤᠯᠤᠯᠲᠠ ᠶᠢᠨ ᠬᠤᠰᠢᠭᠤᠴᠢ ᠴᠡᠷᠢᠭ ᠪᠣᠯᠬᠤ ᠮᠥᠷᠲᠡᠭᠡᠨ ᠤᠳᠬ᠎ᠠ ᠤᠷᠠᠯᠢᠭ ᠤᠨ ᠠᠵᠢᠯ ᠤᠨ ᠭᠡᠷᠡᠯ | ᠰᠠᠴᠤᠷᠠᠭᠰᠠᠨ ᠨᠡᠷ᠎ᠡ ᠶᠢᠨ ᠬᠠᠭᠤᠳᠠᠰᠤ ᠪᠣᠯᠤᠨ᠎ᠠ᠃ 1957 ᠣᠨ ᠤ 6 ᠰᠠᠷ᠎ᠠ ᠶᠢᠨ17 ᠤ ᠡᠳᠦᠷ᠂ ᠥᠪᠥᠷ | ᠮᠣᠩᠭᠤᠯ ᠳᠤ ᠯᠡ ᠪᠠᠶᠢᠳᠠᠭ᠂ ᠮᠠᠯᠵᠢᠬᠤ ᠣᠷᠣᠨ ᠳᠤ ᠳᠣᠬᠢᠷᠠᠭᠰᠠᠨ ᠣᠨᠴᠠᠭᠠᠢ ᠤᠳᠬ᠎ᠠ ᠤᠷᠠᠯᠢᠭ ᠤᠨ ᠪᠥᠯᠬᠦᠮ | ᠪᠣᠯᠬᠤ ᠪᠥᠬᠦ ᠤᠯᠤᠰ ᠤᠨ ᠤᠤᠭᠠᠨ ᠤᠯᠠᠭᠠᠨᠮᠥ᠋ᠴᠢᠷ ᠰᠢᠯᠢ ᠶᠢᠨ ᠭᠤᠣᠯ ᠠᠶᠢᠮᠠᠭ ᠤᠨ ᠰᠥᠨᠢᠳ ᠪᠠᠷᠠᠭᠤᠨ | ᠬᠤᠰᠢᠭᠤᠨ ᠳᠤ ᠮᠡᠨᠳᠦᠯᠡᠪᠡ᠃ | ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠨᠢ ᠠᠩᠬ᠎ᠠ ᠪᠠᠶᠢᠭᠤᠯᠤᠭᠳᠠᠬᠤ ᠳᠤ ᠪᠠᠨ ᠶᠢᠰᠦᠬᠡᠨ | ᠭᠡᠰᠢᠭᠦᠨ ᠲᠠᠢ ᠪᠠᠶᠢᠵᠦ᠂ ᠣᠳᠣ ᠪᠣᠯᠬᠤ ᠳᠤ ᠨᠡᠶᠢᠲᠡ45 ᠭᠡᠰᠢᠭᠦᠨ ᠲᠠᠢ ᠪᠣᠯᠵᠤ ᠬᠥᠭᠵᠢᠨ ᠪᠤᠵᠠᠭᠠᠶᠢᠷᠠᠵᠤ᠂ ᠵᠢᠯ | ᠪᠦᠷᠢ ᠦᠨᠳᠦᠰᠦᠨ ᠱᠠᠲᠤᠨ ᠳᠤ ᠭᠦᠨᠵᠡᠭᠡᠶᠢᠷᠡᠨ᠂ ᠨᠠᠮ ᠤᠨ ᠦᠵᠡᠯ ᠰᠠᠨᠠᠭ᠎ᠠ ᠶᠢ ᠤᠬᠠᠭᠤᠯᠤᠨ ᠲᠤᠤᠱᠠᠯᠠᠭᠤᠯᠬᠤ | ᠬᠡᠯᠪᠡᠷᠢ ᠪᠠᠷ 100 ᠭᠠᠷᠤᠢ ᠲᠠᠯᠠᠪᠠᠢ ᠲᠣᠭᠯᠠᠯᠲᠠ ᠭᠠᠷᠭᠠᠵᠤ ᠪᠣᠢ᠃ | 2017 ᠣᠨ ᠤ 11 ᠰᠠᠷ᠎ᠠ ᠶᠢᠨ 21 ᠤ ᠡᠳᠦᠷ᠂ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ | ᠶᠡᠷᠦᠩᠬᠡᠢ ᠱᠦᠵᠢ ᠰᠢ ᠶᠢᠨ ᠫᠢᠩ ᠤᠨ ᠢᠯᠡᠭᠡᠭᠰᠡᠨ ᠬᠠᠷᠢᠭᠤ ᠵᠠᠬᠢᠳᠠᠯ ᠢ ᠭᠠᠷᠳᠠᠨ ᠠᠪᠴᠤ᠂ ᠲᠡᠳᠡᠨ ᠤ | ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠠᠷᠠᠳ ᠲᠦᠮᠡᠨ ᠳᠡᠭᠡᠨ ᠨᠡᠩ ᠰᠠᠶᠢᠨ | ᠦᠢᠯᠡᠴᠢᠯᠡᠬᠦ ᠡᠷᠴᠢ ᠵᠣᠷᠢᠭ ᠨᠢ ᠤᠯᠠᠮ ᠢᠶᠠᠷ ᠬᠥᠪᠴᠢᠯᠡᠭᠳᠡᠭᠰᠡᠨ ᠪᠠᠶᠢᠨ᠎ᠠ᠃ | | | | | | | | | | | | | | | | | | | | | | | | | |