︽2020 ᠤᠨ ᠤ ᠤᠯᠤᠰ ᠲᠠᠶᠠᠭᠠᠷ ᠤᠨ ᠠᠰᠫᠢᠷᠠᠨᠲ ᠡᠯᠰᠡᠬᠦ ᠠᠵᠢᠯ ᠤᠨ ᠬᠠᠮᠢᠶᠠᠷᠤᠯᠳᠠ ᠶᠢᠨ ᠲᠦᠷᠢᠮ︾ | ᠢ ᠦᠨᠳᠤᠰᠦᠯᠡᠪᠡᠯ᠂ 2020 ᠤᠨ ᠤ ᠤᠯᠤᠰ ᠲᠠᠶᠠᠭᠠᠷ ᠤᠨ ᠠᠰᠫᠢᠷᠠᠨᠲ ᠡᠯᠰᠡᠬᠦ ᠰᠢᠯᠭᠠᠯᠳᠠ ᠶᠢᠨ ᠬᠤᠯᠪᠤᠭᠳᠠᠯ | ᠪᠦᠬᠦᠢ ᠮᠡᠳᠡᠭᠳᠡᠯ ᠳᠤ ᠨᠡᠷ᠎ᠡ ᠪᠦᠷᠢᠳᠬᠡᠬᠦᠯᠬᠦ ᠴᠠᠭ᠂ ᠰᠢᠯᠭᠠᠯᠳᠠ ᠶᠢᠨ ᠴᠠᠭ ᠪᠤᠯᠤᠨ ᠠᠩᠬᠠᠷᠬᠤ ᠵᠦᠢᠯᠡᠰ ᠢ | ᠨᠡᠶᠢᠳᠡᠯᠡᠭᠰᠡᠨ ᠪᠠᠶᠢᠨ᠎ᠠ᠃ | ᠨᠢᠬᠡ᠂ ᠪᠢᠷ ᠤᠨ ᠰᠢᠯᠭᠠᠯᠳᠠ ᠶᠢᠨ ᠴᠠᠭ | 2020 ᠤᠨ ᠤ ᠤᠯᠤᠰ ᠲᠠᠶᠠᠭᠠᠷ ᠤᠨ ᠠᠰᠫᠢᠷᠠᠨᠲ ᠤᠨ ᠪᠢᠷ ᠤᠨ ᠰᠢᠯᠭᠠᠯᠳᠠ ᠶᠢᠨ ᠴᠠᠭ ᠨᠢ 2019 | ᠤᠨ ᠤ 12 ᠰᠠᠷ᠎ᠠ ᠶᠢᠨ 21 ᠤ ᠡᠳᠤᠷ ᠠᠴᠠ 12 ᠰᠠᠷ᠎ᠠ ᠶᠢᠨ 22 ᠤᠨ ᠡᠳᠤᠷ ︵ᠡᠳᠤᠷ ᠪᠦᠷᠢ ᠶᠢᠨ ᠦᠳᠡ ᠠᠴᠠ | ᠡᠮᠦᠨ᠎ᠡ 8᠄ 30-11᠄ 30᠂ ᠦᠳᠡ ᠠᠴᠠ ᠬᠤᠶᠢᠰᠢ 14᠄ 00-17᠄ 00︶᠃ 3 ᠴᠠᠭ ᠠᠴᠠ | ᠬᠡᠳᠤᠷᠡᠭᠰᠡᠨ ᠰᠢᠯᠭᠠᠯᠳᠠ ᠶᠢᠨ ᠲᠦᠷᠦᠯ ᠢ 12 ᠰᠠᠷ᠎ᠠ ᠶᠢᠨ 23 ᠤ ᠡᠳᠤᠷ ᠰᠢᠯᠭᠠᠨ᠎ᠠ᠃ | ᠰᠢᠯᠭᠠᠯᠳᠠ ᠶᠢᠨ ᠴᠠᠭ ᠨᠢ ᠪᠡᠭᠡᠵᠢᠩ ᠤᠨ ᠴᠠᠭ ᠢᠶᠠᠷ ᠪᠠᠷᠢᠮᠵᠢᠶ᠎ᠠ ᠪᠤᠯᠭᠠᠨ᠎ᠠ᠃ | ᠬᠤᠶᠠᠷ᠂ ᠪᠢᠷ ᠤᠨ ᠰᠢᠯᠭᠠᠯᠳᠠ ᠶᠢᠨ ᠲᠦᠷᠦᠯ | 12 ᠰᠠᠷ᠎ᠠ ᠶᠢᠨ 21 ᠤ ᠦᠳᠡ ᠠᠴᠠ ᠡᠮᠦᠨ᠎ᠡ᠂ ᠦᠵᠡᠯ ᠰᠠᠨᠠᠭ᠎ᠠ ᠤᠯᠤᠰ ᠲᠦᠷᠦ ᠶᠢᠨ ᠤᠨᠤᠯ᠂ | ᠬᠠᠮᠢᠶᠠᠷᠤᠯᠳᠠ ᠶᠢᠨ ᠲᠦᠷᠦᠯ ᠤᠨ ᠶᠡᠷᠦᠩᠬᠡᠶᠢᠯᠡᠭᠰᠡᠨ ᠴᠢᠳᠠᠮᠵᠢ ᠶᠢᠨ ᠰᠢᠯᠭᠠᠯᠳᠠ | 12 ᠰᠠᠷ᠎ᠠ ᠶᠢᠨ 21 ᠤ ᠦᠳᠡ ᠠᠴᠠ ᠬᠤᠶᠢᠰᠢ᠂ ᠭᠠᠳᠠᠭᠠᠳᠤ ᠬᠡᠯᠡ | 12 ᠰᠠᠷ᠎ᠠ ᠶᠢᠨ 22 ᠤᠨ ᠦᠳᠡ ᠠᠴᠠ ᠡᠮᠦᠨ᠎ᠡ᠂ ᠮᠡᠷᠬᠡᠵᠢᠯ ᠤᠨ ᠬᠢᠴᠢᠶᠡᠯ ᠨᠢᠬᠡ | 12 ᠰᠠᠷ᠎ᠠ ᠶᠢᠨ 22 ᠤᠨ ᠦᠳᠡ ᠠᠴᠠ ᠬᠤᠶᠢᠰᠢ ᠮᠡᠷᠬᠡᠵᠢᠯ ᠤᠨ ᠬᠢᠴᠢᠶᠡᠯ ᠬᠤᠶᠠᠷ | 12 ᠰᠠᠷ᠎ᠠ ᠶᠢᠨ 23 ᠤ ᠡᠳᠤᠷ ᠰᠢᠯᠭᠠᠯᠳᠠ ᠶᠢᠨ ᠴᠠᠭ ᠨᠢ 3 ᠴᠠᠭ ᠢ ᠬᠡᠳᠤᠷᠡᠭᠰᠡᠨ ᠰᠢᠯᠭᠠᠯᠳᠠ ᠶᠢᠨ | ᠲᠦᠷᠦᠯ | ᠭᠤᠷᠪᠠ᠂ ᠨᠧᠲ ᠢᠶᠠᠷ ᠨᠡᠷ᠎ᠡ ᠪᠦᠷᠢᠳᠬᠡᠬᠦᠯᠬᠦ ᠴᠠᠭ | ᠰᠢᠯᠭᠠᠭᠤᠯᠤᠭᠰᠠᠳ 2019 ᠤᠨ ᠤ 10 ᠰᠠᠷ᠎ᠠ ᠶᠢᠨ 10 ᠤ ᠡᠳᠤᠷ ᠠᠴᠠ 10 ᠰᠠᠷ᠎ᠠ ᠶᠢᠨ 31 ᠤ | ᠡᠳᠤᠷ ᠪᠤᠯᠳᠠᠯ᠎ᠠ᠂ ᠡᠳᠤᠷ ᠪᠦᠷᠢ ᠶᠢᠨ 9᠄ 00-22᠄ 00 ᠴᠠᠭ ᠤᠨ ᠬᠤᠭᠤᠷᠤᠨᠳᠤ ᠨᠧᠲ ᠢᠶᠠᠷ ᠨᠡᠷ᠎ᠡ ᠪᠠᠨ | ᠪᠦᠷᠢᠳᠬᠡᠬᠦᠯᠦᠨᠡ᠃ | ᠤᠷᠢᠳᠴᠢᠯᠠᠨ ᠮᠡᠳᠡᠬᠦᠯᠬᠦ ᠴᠠᠭ ᠨᠢ 2019 ᠤᠨ ᠤ 9 ᠰᠠᠷ᠎ᠠ ᠶᠢᠨ 24 ᠤ ᠡᠳᠤᠷ ᠠᠴᠠ 9 ᠰᠠᠷ᠎ᠠ ᠶᠢᠨ | 27 ᠤ ᠡᠳᠤᠷ ᠪᠤᠯᠳᠠᠯ᠎ᠠ᠂ ᠡᠳᠤᠷ ᠪᠦᠷᠢ ᠶᠢᠨ 9:00-22:00 ᠴᠠᠭ ᠤᠨ ᠬᠤᠭᠤᠷᠤᠨᠳᠤ ᠪᠦᠷᠢᠳᠬᠡᠬᠦᠯᠦᠨᠡ᠃ | ᠲᠦᠷᠪᠡ᠂ ᠰᠢᠯᠭᠠᠯᠳᠠ ᠶᠢᠨ ᠦᠨᠡᠮᠯᠡᠬᠦ ᠪᠠᠨ ᠲᠠᠷᠤᠮᠠᠯᠯᠠᠬᠤ ᠬᠤᠭᠤᠴᠠᠭ᠎ᠠ | 2019 ᠤᠨ ᠤ 12 ᠰᠠᠷ᠎ᠠ ᠶᠢᠨ 14 ᠤ ᠡᠳᠤᠷ ᠠᠴᠠ 12 ᠰᠠᠷ᠎ᠠ ᠶᠢᠨ 23 ᠤ ᠡᠳᠤᠷ ᠪᠤᠯᠳᠠᠯ᠎ᠠ | ᠰᠢᠯᠭᠠᠭᠤᠯᠤᠭᠰᠠᠳ ᠨᠧᠲ ᠠᠴᠠ ᠰᠢᠯᠭᠠᠯᠳᠠ ᠶᠢᠨ ᠦᠨᠡᠮᠯᠡᠬᠦ ᠪᠠᠨ ᠲᠠᠷᠤᠮᠠᠯᠯᠠᠵᠤ ᠠᠪᠤᠨ᠎ᠠ᠃ | ᠪᠤᠰᠤᠳ ᠨᠠᠷᠢᠨ ᠪᠠᠶᠢᠳᠠᠯ ᠢ ᠲᠤᠤᠷᠠᠬᠢ ᠬᠠᠶ᠋ᠢᠭ ᠠᠴᠠ ᠯᠠᠪᠯᠠᠭᠠᠷᠠᠢ᠃ https://yz.chsi.com. | cn/kyzx/jybzc/201908/20190819/1814387434.html | | | |