ᠮᠠᠨ ᠤ ᠤᠯᠤᠰ ᠡᠯ᠎ᠡ ᠲᠥᠷᠥᠯ ᠤᠨ ᠰᠢᠯᠭᠠᠯᠲᠠ ᠶᠢᠨ ᠭᠡᠮ ᠳᠤ ᠶᠠᠯ᠎ᠠ ᠲᠣᠭᠲᠠᠭᠠᠵᠤ ᠡᠷᠡᠭᠦᠤ ᠰᠢᠢᠳᠬᠡᠯ ᠣᠨᠣᠭᠳᠠᠭᠤᠯᠬᠤ ᠪᠠᠷᠢᠮᠵᠢᠶ᠎ᠠ ᠶᠢ ᠲᠣᠳᠣᠷᠬᠠᠶ ᠲᠣᠭᠲᠠᠭᠠᠪᠠ
ᠨᠡᠶᠢᠲᠡᠯᠡᠭᠰᠡᠨ ᠴᠠᠭ᠄
2019/9/9
   ᠰᠢᠨᠬᠤᠸᠠ ᠬᠤᠷᠢᠶᠠᠨ ᠤ 9 ᠰᠠᠷ᠎ᠠ ᠶᠢᠨ 3 ᠤ ᠡᠳᠦᠷ ᠤᠨ ᠮᠡᠳᠡᠭᠡ ︵ᠰᠤᠷᠪᠤᠯᠵᠢᠯᠠᠭᠴᠢ ᠯᠦᠸᠧ ᠱᠠ︶  ᠄    ᠰᠢᠯᠭᠠᠯᠲᠠ ᠪᠣᠯ ᠴᠢᠳᠠᠪᠤᠷᠢᠲᠠᠨ ᠢ ᠰᠢᠯᠢᠨ ᠰᠣᠩᠭᠤᠬᠤ ᠠᠷᠭ᠎ᠠ ᠵᠠᠮ ᠮᠥᠨ᠂ ᠰᠢᠯᠭᠠᠯᠲᠠ ᠶᠢᠨ ᠲᠥᠪ ᠭᠤᠤᠯᠴᠢ ᠪᠠᠶᠢᠬᠤ ᠶᠢ ᠬᠠᠮᠠᠭᠠᠯᠠᠬᠤ ᠨᠢ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠲᠠᠢ ᠬᠤᠯᠪᠣᠭᠳᠠᠵᠤ ᠪᠠᠶᠢᠳᠠᠭ᠃ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ 3 ᠤ ᠡᠳᠦᠷ ᠰᠢᠯᠭᠠᠯᠲᠠ ᠳᠤ ᠬᠠᠭᠤᠷᠤᠨ ᠮᠡᠬᠡᠯᠡᠭᠰᠡᠨ ᠭᠡᠮ ᠢ ᠵᠣᠬᠢᠶᠠᠨ ᠪᠠᠢᠭᠤᠯᠤᠭᠰᠠᠨ ᠵᠡᠷᠭᠡ ᠡᠷᠡᠭᠦᠤ ᠶᠢᠨ ᠬᠡᠷᠡᠭ ᠢ ᠰᠢᠢᠳᠪᠦᠷᠢᠯᠡᠬᠦ ᠳᠤ ᠬᠠᠤᠯᠢ ᠴᠠᠭᠠᠵᠠ ᠶᠢ ᠬᠡᠷᠡᠭᠯᠡᠬᠦ ᠠᠰᠠᠭᠤᠳᠠᠯ ᠤᠳ ᠤᠨ ᠲᠤᠬᠠᠶ ᠲᠠᠶᠢᠯᠪᠤᠷᠢᠯᠠᠯᠲᠠ ᠶᠢ ᠨᠡᠶᠢᠲᠡᠯᠡᠵᠦ᠂ ᠰᠢᠯᠭᠠᠯᠲᠠ ᠳᠤ ᠬᠠᠭᠤᠷᠤᠨ ᠮᠡᠬᠡᠯᠡᠭᠰᠡᠨ ᠭᠡᠮ ᠬᠢᠭᠰᠡᠨ ᠶᠠᠯᠠᠲᠤ ᠠᠵᠢᠯᠯᠠᠭ᠎ᠠ ᠳᠤ ᠶᠠᠯ᠎ᠠ ᠲᠣᠭᠲᠠᠭᠠᠵᠤ ᠡᠷᠡᠭᠦᠤ ᠰᠢᠢᠳᠬᠡᠯ ᠣᠨᠣᠭᠳᠠᠭᠤᠯᠬᠤ ᠪᠠᠷᠢᠮᠵᠢᠶ᠎ᠠ ᠪᠠ ᠬᠤᠯᠪᠣᠭᠳᠠᠯ ᠪᠦᠬᠦᠢ ᠬᠠᠤᠯᠢ ᠴᠠᠭᠠᠵᠠ ᠶᠢ ᠬᠡᠷᠡᠭᠯᠡᠬᠦ ᠠᠰᠠᠭᠤᠳᠠᠯ ᠤᠨ ᠲᠤᠬᠠᠶ ᠪᠦᠬᠦ ᠲᠠᠯ᠎ᠠ ᠶᠢᠨ ᠰᠢᠰᠲ᠋ᠧᠮ ᠲᠠᠢ ᠲᠣᠭᠲᠠᠭᠠᠯ ᠭᠠᠷᠭᠠᠪᠠ᠃     4 ᠲᠥᠷᠥᠯ ᠤᠨ ᠰᠢᠯᠭᠠᠯᠲᠠ ᠨᠢ ︽ᠬᠠᠤᠯᠢ ᠴᠠᠭᠠᠵᠠ ᠳᠤ ᠲᠣᠭᠲᠠᠭᠠᠭᠰᠠᠨ ᠤᠯᠤᠰ ᠤᠨ ᠰᠢᠯᠭᠠᠯᠲᠠ︾ ᠳᠤ ᠪᠠᠭᠲᠠᠨ᠎ᠠ᠃      ᠰᠢᠯᠭᠠᠯᠲᠠ ᠳᠤ ᠭᠡᠮ ᠬᠢᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠢᠳᠬᠡᠬᠦ ᠶᠢᠨ ᠲᠥᠯᠥᠭᠡ᠂ 2015 ᠣᠨ ᠤ 11 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠭᠰᠡᠨ ᠡᠷᠡᠭᠦᠤ ᠶᠢᠨ ᠬᠠᠤᠯᠢ ᠳᠤ ᠵᠠᠰᠠᠪᠤᠷᠢ ᠣᠷᠣᠭᠤᠯᠤᠭᠰᠠᠨ ᠲᠥᠰᠦᠯ ︵ᠶᠢᠰᠦ︶ ᠳᠤ ᠰᠢᠯᠭᠠᠯᠲᠠ ᠳᠤ ᠭᠡᠮ ᠬᠢᠬᠦ ᠶᠢ ᠵᠣᠬᠢᠶᠠᠨ ᠪᠠᠶᠢᠭᠤᠯᠤᠭᠰᠠᠨ ᠶᠠᠯ᠎ᠠ᠂ ᠰᠢᠯᠭᠠᠯᠲᠠ ᠶᠢᠨ ᠰᠡᠳᠦᠪ᠂ ᠬᠠᠷᠢᠭᠤᠯᠲᠠ ᠶᠢ ᠬᠠᠤᠯᠢ ᠪᠤᠰᠤ ᠪᠠᠷ ᠬᠤᠳᠠᠯᠳᠤᠭᠰᠠᠨ᠂ ᠬᠠᠩᠭᠠᠭᠰᠠᠨ ᠶᠠᠯ᠎ᠠ ᠪᠠ ᠰᠢᠯᠭᠠᠯᠲᠠ ᠳᠤ ᠣᠷᠣᠯᠠᠵᠤ ᠰᠢᠯᠭᠠᠭᠰᠠᠨ ᠶᠠᠯ᠎ᠠ ᠶᠢ ᠲᠣᠭᠲᠠᠭᠠᠵᠠᠢ᠂ ᠬᠡᠷᠡᠭᠯᠡᠭᠳᠡᠬᠦ ᠬᠦᠷᠢᠶ᠎ᠡ ᠬᠡᠪᠴᠢᠶ᠎ᠡ ᠨᠢ ︽ᠬᠠᠤᠯᠢ ᠴᠠᠭᠠᠵᠠ ᠳᠤ ᠲᠣᠭᠲᠠᠭᠠᠭᠰᠠᠨ ᠤᠯᠤᠰ ᠤᠨ ᠰᠢᠯᠭᠠᠯᠲᠠ︾ ᠮᠥᠨ᠃     ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠪᠡᠯ᠂ ᠳᠣᠣᠷᠠᠬᠢ ᠰᠢᠯᠭᠠᠯᠲᠠ ᠨᠤᠭᠤᠳ ᠢ ᠪᠠᠭᠲᠠᠭᠠᠨ᠎ᠠ᠄     - ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ᠂ ᠠᠰᠫᠢᠷᠠᠨᠲ ᠡᠯᠰᠡᠬᠦ ᠰᠢᠯᠭᠠᠯᠲᠠ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠥᠪᠡᠰᠥᠪᠡᠨ ᠰᠤᠷᠤᠯᠴᠠᠭᠰᠠᠳ ᠤᠨ ᠰᠢᠯᠭᠠᠯᠲᠠ᠂ ᠨᠠᠰᠤᠨ ᠳᠤ ᠬᠦᠷᠦᠭᠰᠡᠳ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠵᠡᠷᠭᠡ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ︔     - ᠲᠥᠪ ᠤᠨ ᠪᠠ ᠣᠷᠣᠨ ᠨᠤᠲᠤᠭ ᠤᠨ ᠠᠯᠪᠠᠲᠠᠨ ᠢ ᠡᠯᠰᠡᠨ ᠬᠡᠷᠡᠭᠯᠡᠬᠦ ᠰᠢᠯᠭᠠᠯᠲᠠ︔     - ᠤᠯᠤᠰ ᠤᠨ ᠨᠢᠭᠡᠳᠦᠯᠲᠡᠶ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠭᠡᠮ ᠤᠨ ᠰᠢᠯᠭᠠᠯᠲᠠ᠂ ᠤᠯᠤᠰ ᠤᠨ ᠪᠠᠭᠰᠢ ᠶᠢᠨ ᠬᠢᠷᠢ ᠭᠡᠮ ᠤᠨ ᠰᠢᠯᠭᠠᠯᠲᠠ᠂ ᠪᠦᠷᠢᠳᠬᠡᠯ ᠲᠠᠢ ᠨᠢᠬᠲᠠᠯᠠᠨ ᠪᠤᠳᠤᠭᠴᠢ ᠶᠢᠨ ᠪᠥᠬᠦ ᠤᠯᠤᠰ ᠤᠨ ᠨᠢᠭᠡᠳᠦᠯᠲᠡᠶ ᠰᠢᠯᠭᠠᠯᠲᠠ᠂ ᠨᠢᠬᠲᠠᠯᠠᠨ ᠪᠤᠳᠤᠭᠴᠢ ᠶᠢᠨ ᠲᠤᠰᠬᠠᠶ ᠮᠡᠷᠭᠡᠵᠢᠯ ᠤᠨ ᠬᠢᠷᠢ ᠭᠡᠮ ᠤᠨ ᠰᠢᠯᠭᠠᠯᠲᠠ᠂ ᠡᠳ᠋ ᠬᠥᠷᠥᠩᠭᠡ ᠶᠢᠨ ᠦᠨᠡᠯᠡᠨ ᠵᠢᠱᠢᠭ᠌ᠴᠢ ᠶᠢᠨ ᠬᠢᠷᠢ ᠭᠡᠮ ᠤᠨ ᠰᠢᠯᠭᠠᠯᠲᠠ᠂ ᠡᠮᠴᠢ ᠶᠢᠨ ᠬᠢᠷᠢ ᠭᠡᠮ ᠤᠨ ᠰᠢᠯᠭᠠᠯᠲᠠ᠂ ᠠᠵᠢᠯ ᠡᠷᠬᠢᠯᠡᠬᠦ ᠡᠮ ᠨᠠᠶᠢᠷᠠᠭᠴᠢ ᠶᠢᠨ ᠠᠵᠢᠯ ᠮᠡᠷᠭᠡᠵᠢᠯ ᠤᠨ ᠬᠢᠷᠢ ᠭᠡᠮ ᠤᠨ ᠰᠢᠯᠭᠠᠯᠲᠠ᠂ ᠪᠦᠷᠢᠳᠬᠡᠯ ᠲᠠᠢ ᠪᠠᠷᠢᠯᠭ᠎ᠠ ᠶᠢᠨ ᠮᠡᠷᠭᠡᠵᠢᠯᠲᠡᠨ ᠤ ᠰᠢᠯᠭᠠᠯᠲᠠ᠂ ᠪᠠᠷᠢᠯᠭ᠎ᠠ ᠶᠢᠨ ᠮᠡᠷᠭᠡᠵᠢᠯᠲᠡᠨ ᠤ ᠠᠵᠢᠯ ᠡᠷᠬᠢᠯᠡᠬᠦ ᠬᠢᠷᠢ ᠭᠡᠮ ᠤᠨ ᠰᠢᠯᠭᠠᠯᠲᠠ ᠵᠡᠷᠭᠡ ᠲᠤᠰᠬᠠᠶ ᠮᠡᠷᠭᠡᠵᠢᠯ ᠤᠨ ᠬᠢᠷᠢ ᠭᠡᠮ ᠤᠨ ᠰᠢᠯᠭᠠᠯᠲᠠ︔     - ᠲᠥᠪ ᠤᠨ ᠪᠤᠶᠤ ᠣᠷᠣᠨ ᠨᠤᠲᠤᠭ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠵᠢᠴᠢ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠭᠠᠷ ᠵᠣᠬᠢᠶᠠᠨ ᠪᠠᠢᠭᠤᠯᠤᠭᠰᠠᠨ ᠪᠤᠰᠤᠳ ᠤᠯᠤᠰ ᠤᠨ ᠰᠢᠯᠭᠠᠯᠲᠠ᠃     ᠲᠣᠰ ᠬᠠᠤᠯᠢ ᠶᠢᠨ ᠲᠠᠶᠢᠯᠪᠤᠷᠢᠯᠠᠯᠲᠠ ᠳᠤ ᠬᠠᠮᠲᠤ ᠳᠤᠨᠢ ᠲᠣᠭᠲᠠᠭᠠᠭᠰᠠᠨ ᠨᠢ ᠡᠮᠦᠨᠡᠬᠢ ᠵᠣᠷᠪᠣᠰ ᠲᠤ ᠲᠣᠭᠲᠠᠭᠠᠭᠰᠠᠨ ᠰᠢᠯᠭᠠᠯᠲᠠ ᠳᠤ ᠬᠤᠯᠪᠣᠭᠳᠠᠭᠰᠠᠨ ᠣᠨᠴᠠᠭᠠᠢ ᠲᠥᠷᠥᠯ ᠬᠡᠯᠪᠡᠷᠢ ᠶᠢᠨ ᠰᠤᠷᠤᠭᠴᠢ ᠡᠯᠰᠡᠬᠦ᠂ ᠣᠨᠴᠠᠭᠠᠢ ᠤᠷ᠎ᠠ ᠴᠢᠳᠠᠪᠤᠷᠢ ᠶᠢᠨ ᠰᠢᠯᠭᠠᠯᠲᠠ᠂ ᠨᠢᠭᠤᠷᠳᠠᠨ ᠰᠢᠯᠭᠠᠯᠲᠠ ᠵᠡᠷᠭᠡ ᠰᠢᠯᠭᠠᠯᠲᠠ ᠨᠢ ︽ᠬᠠᠤᠯᠢ ᠴᠠᠭᠠᠵᠠ ᠳᠤ ᠲᠣᠭᠲᠠᠭᠠᠭᠰᠠᠨ ᠤᠯᠤᠰ ᠤᠨ ᠰᠢᠯᠭᠠᠯᠲᠠ︾ ᠳᠤ ᠲᠣᠭᠠᠴᠠᠭᠳᠠᠨ᠎ᠠ᠃
 
ᠢᠷᠡᠯᠲᠡ᠄ ᠰᠢᠨᠬᠤᠸᠠ ᠨᠧᠲ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号