ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠷᠠᠯᠵᠢᠶᠠᠯᠠᠬᠤ ᠪᠠ ᠢᠳᠡᠬᠦ ᠶᠢ ᠴᠠᠭᠠᠵᠠᠯᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/10/13
    ᠠᠰᠠᠭᠤᠯᠲᠠ᠄ ︽ᠮᠡᠳᠡᠭᠳᠡᠯ︾ ᠢ ᠳᠠᠷᠤᠮᠠᠯᠯᠠᠨ ᠲᠠᠷᠬᠠᠭᠠᠬᠤ ᠶᠢᠨ ᠴᠢᠬᠤᠯᠠ ᠠᠴᠢ ᠬᠤᠯᠪᠣᠭᠳᠠᠯ ᠨᠢ ᠶᠠᠭᠤ ᠪᠣᠶ︖      ᠥᠪᠥᠷ ᠮᠣᠩᠭᠤᠯ ᠪᠣᠯ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢᠶᠠᠷ ᠡᠯᠪᠡᠭ ᠤᠷᠤᠨ ᠪᠣᠯᠤᠨ᠎ᠠ᠂ ᠣᠳᠣ ᠡᠬᠡ ᠬᠠᠭᠤᠷᠠᠶ ᠶᠢᠨ ᠰᠡᠭᠡᠷᠲᠡᠨ ᠠᠮᠢᠲᠠᠨ 613 ᠲᠦᠷᠰᠦ ᠶᠢᠨ ᠲᠦᠷᠦᠯ ᠪᠠᠶᠢᠵᠤ᠂ ᠲᠤᠰ ᠲᠤᠰ 29 ᠪᠠᠭ ᠲᠤ ᠬᠠᠷᠢᠶᠠᠯᠠᠭᠳᠠᠨ᠎ᠠ᠃ 93 ᠢᠵᠠᠭᠤᠷ᠂ 291 ᠲᠦᠷᠦᠯ ᠳᠤ ᠬᠠᠷᠢᠶᠠᠯᠠᠭᠳᠠᠨ᠎ᠠ᠃ ᠬᠤᠶᠠᠷ ᠨᠤᠲᠤᠭᠲᠠᠨ ᠤ ᠠᠩᠭᠢ 8 ᠲᠦᠷᠰᠦ ᠶᠢᠨ ᠲᠦᠷᠦᠯ᠂ ᠮᠥᠯᠬᠦᠭᠴᠢᠳ ᠤᠨ ᠠᠩᠭᠢ 27 ᠲᠦᠷᠰᠦ ᠶᠢᠨ ᠲᠦᠷᠦᠯ᠂ ᠰᠢᠪᠠᠭᠤᠨ ᠤ ᠠᠩᠭᠢ 442 ᠳᠦᠷᠰᠦ ᠶᠢᠨ ᠲᠦᠷᠦᠯ᠂ ᠬᠥᠬᠦᠲᠡᠨ ᠤ ᠠᠩᠭᠢ 136 ᠲᠦᠷᠰᠦ ᠶᠢᠨ ᠲᠦᠷᠦᠯ ᠪᠤᠶ᠄ ᠡᠬᠦᠨ ᠳᠤ ᠤᠯᠤᠰ ᠤᠨ ᠨᠢᠭᠡᠳᠦᠭᠡᠷ ᠳᠡᠰ ᠤᠨ ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ 28 ᠲᠦᠷᠰᠦ ᠶᠢᠨ ᠲᠦᠷᠦᠯ᠂ ᠤᠯᠤᠰ ᠤᠨ ᠬᠤᠶᠠᠳᠤᠭᠠᠷ ᠳᠡᠰ ᠤᠨ ᠭᠤᠤᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ 87ᠲᠦᠷᠦᠰᠦ ᠶᠢᠨ ᠲᠥᠷᠥᠯ ᠪᠤᠢ᠃ ︽ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠷᠠᠯᠵᠢᠶᠠᠯᠠᠬᠤ ᠪᠠ ᠢᠳᠡᠭᠡᠨ ᠳᠤ ᠬᠡᠷᠡᠭᠯᠡᠬᠦ ᠶᠢ ᠴᠠᠭᠠᠵᠠᠯᠠᠬᠤ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠪᠣᠯ ︽ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠲᠢᠩᠬᠢᠮ ᠤᠨ ᠬᠠᠤᠯᠢ ᠪᠤᠰᠤ ᠪᠠᠷ ᠬᠡᠭᠡᠷ᠎ᠡ ᠶᠢᠨ ᠠᠮᠢᠲᠠᠨ ᠢ ᠠᠷᠠᠯᠵᠢᠶᠠᠯᠠᠬᠤ ᠶᠢ ᠪᠥᠬᠦ ᠲᠠᠯ᠎ᠠ ᠪᠠᠷ ᠴᠠᠭᠠᠵᠠᠯᠠᠬᠤ᠂ ᠬᠡᠭᠡᠷ᠎ᠡ ᠶᠢᠨ ᠠᠮᠢᠲᠠᠨ ᠢ ᠳᠤᠷ᠎ᠠ ᠪᠠᠷ ᠢᠶᠠᠨ ᠢᠳᠡᠬᠦ ᠮᠠᠭᠤ ᠳᠠᠳᠬᠠᠯ ᠢ ᠠᠷᠢᠯᠭᠠᠬᠤ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠠᠮᠤᠷ ᠲᠦᠪᠰᠢᠨ ᠢ ᠪᠠᠲᠤᠯᠠᠬᠤ ᠲᠤᠬᠠᠶ ᠲᠤᠭᠳᠠᠭᠠᠯ︾ ︵ᠳᠣᠷᠣᠭᠰᠢ ︽ᠲᠤᠭᠳᠠᠭᠠᠯ︾ ᠭᠡᠵᠦ ᠲᠣᠪᠴᠢᠯᠠᠨ᠎ᠠ︶᠂ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠦᠯᠢ︾᠂ ︽ᠤᠯᠤᠰ ᠤᠨ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠲᠣᠪᠴᠢᠶᠠᠨ ᠤ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ︵ᠤᠯᠤᠰ ᠤᠨ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠲᠣᠪᠴᠢᠶᠠᠨ ᠠᠴᠠ ᠲᠠᠷᠬᠠᠭᠠᠭᠰᠠᠨ 2020 ᠣᠨ ᠤ 22 ᠳ᠋ᠤᠭᠠᠷ ᠲᠣᠭᠠᠲᠤ︶ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠬᠡᠷᠡᠭᠵᠢᠭᠦᠯᠬᠦ ᠴᠢᠨᠠᠷᠲᠠᠶ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ᠂ ︽ᠲᠣᠭᠲᠠᠭᠠᠯ︾ ᠢ ᠪᠦᠬᠦ ᠲᠠᠯ᠎ᠠ ᠪᠠᠷ ᠬᠡᠷᠡᠭᠵᠢᠭᠦᠯᠬᠦ᠂ ᠪᠦᠬᠦ ᠨᠡᠶᠢᠭᠡᠮ ᠤᠨ ᠡᠯ᠎ᠡ ᠡᠲᠡᠭᠡᠳ ᠤᠨ ᠠᠮᠢ ᠠᠬᠤᠢ ᠶᠢᠨ ᠬᠠᠮᠠᠭᠠᠯᠠᠯᠲᠠ ᠶᠢᠨ ᠤᠬᠠᠮᠰᠠᠷ ᠢ ᠨᠡᠮᠡᠭᠳᠡᠬᠦᠯᠬᠦ᠂ ᠬᠡᠭᠡᠷ᠎ᠡ ᠶᠢᠨ ᠠᠮᠢᠲᠠᠨ ᠢ ᠳᠤᠷ᠎ᠠ ᠪᠠᠷ ᠢᠳᠡᠬᠦ ᠮᠠᠭᠤ ᠳᠠᠳᠬᠠᠯ ᠢ ᠠᠷᠢᠯᠭᠠᠬᠤ᠂ ᠮᠠᠨ ᠤ ᠣᠷᠣᠨ ᠤ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠪᠦᠲᠦᠮᠵᠢᠲᠡᠶ ᠬᠠᠮᠠᠭᠠᠯᠠᠬᠤ᠂ ᠮᠠᠨ ᠤ ᠣᠷᠣᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ᠂ ᠬᠥᠮᠦᠨ ᠠᠮᠢᠲᠠᠨ ᠡᠶ᠎ᠡ ᠵᠤᠬᠢᠴᠠᠩᠭᠤᠢ ᠬᠠᠮᠲᠤ ᠣᠷᠣᠰᠢᠬᠤ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠠᠰᠠᠭᠤᠯᠲᠠ᠄ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠷᠠᠯᠵᠢᠶᠠᠯᠠᠬᠤ ᠶᠢ ᠴᠠᠭᠠᠵᠠᠯᠠᠬᠤ ᠲᠤᠬᠠᠶ ᠬᠡᠷᠬᠢᠨ ᠲᠤᠭᠳᠠᠭᠠᠭᠰᠠᠨ ᠪᠣᠶ︖      ︽ᠮᠡᠳᠡᠭᠳᠡᠯ︾ ᠳᠤ ᠬᠡᠭᠡᠷ᠎ᠡ ᠶᠢᠨ ᠠᠮᠢᠲᠠᠨ ᠤ ᠠᠷᠠᠯᠵᠢᠶ᠎ᠠ ᠳᠤ ᠬᠤᠯᠪᠤᠭᠳᠠᠭᠤᠯᠤᠨ ᠲᠣᠳᠣᠷᠬᠠᠶ ᠲᠣᠭᠲᠠᠭᠠᠯ ᠭᠠᠷᠭᠠᠭᠰᠠᠨ ᠪᠠᠶᠢᠨ᠎ᠠ᠄ ᠨᠢᠭᠡ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ ᠪᠣᠯᠤᠨ ᠪᠤᠰᠤᠳ ᠬᠤᠯᠪᠣᠭᠳᠠᠯ ᠪᠦᠬᠦᠢ ᠬᠠᠤᠯᠢ ᠴᠠᠭᠠᠵᠠ ᠳᠤ ᠲᠣᠳᠣᠷᠬᠠᠶ ᠴᠠᠭᠠᠵᠠᠯᠠᠭᠰᠠᠨ ᠬᠡᠭᠡᠷ᠎ᠡ ᠶᠢᠨ ᠠᠮᠢᠲᠠᠨ ᠢ ᠠᠩᠨᠠᠬᠤ᠂ ᠠᠷᠠᠯᠵᠢᠶᠠᠯᠠᠬᠤ᠂ ᠲᠡᠭᠡᠭᠡᠪᠦᠷᠢᠯᠡᠬᠦ ᠠᠵᠢᠯᠯᠠᠭ᠎ᠠ ᠶᠢ ᠡᠷᠬᠡᠪᠰᠢ ᠴᠠᠭᠠᠵᠠᠯᠠᠬᠤ ᠬᠡᠷᠡᠭᠲᠡᠶ᠃ ᠬᠤᠶᠠᠷ ᠢᠳᠡᠭᠡᠨ ᠢᠶᠠᠷ ᠵᠣᠷᠢᠯᠭ᠎ᠠ ᠪᠣᠯᠭᠠᠨ ᠬᠡᠭᠡᠷ᠎ᠡ ᠭᠠᠳᠠᠨ᠎ᠠ ᠠᠶᠠᠨᠳᠠᠭᠠᠨ ᠤᠷᠤᠩᠨᠠᠨ ᠦᠷᠡᠵᠢᠳᠡᠭ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠢ ᠠᠩᠨᠠᠬᠤ᠂ ᠠᠷᠠᠯᠵᠢᠶᠠᠯᠠᠬᠤ᠂ ᠵᠥᠭᠡᠭᠡᠪᠦᠷᠢᠯᠡᠬᠦ ᠠᠵᠢᠯᠯᠠᠭ᠎ᠠ ᠶᠢ ᠪᠥᠬᠦ ᠲᠠᠯ᠎ᠠ ᠪᠠᠷ ᠴᠠᠭᠠᠵᠠᠯᠠᠨ᠎ᠠ᠃      ᠠᠰᠠᠭᠤᠯᠲᠠ᠄ ᠬᠡᠭᠡᠷ᠎ᠡ ᠶᠢᠨ ᠠᠮᠢᠲᠠᠨ ᠢ ᠢᠳᠡᠭᠡᠨ ᠳᠤ ᠬᠡᠷᠡᠭᠯᠡᠬᠦ ᠶᠢ ᠴᠠᠭᠠᠵᠠᠯᠠᠬᠤ ᠲᠤᠬᠠᠶ ᠬᠡᠷᠬᠢᠨ ᠲᠤᠭᠲᠠᠭᠠᠭᠰᠠᠨ ᠪᠣᠶ︖      ︽ᠮᠡᠳᠡᠭᠳᠡᠯ︾ ᠳᠤ ᠢᠳᠡᠭᠡᠨ ᠳᠤ ᠬᠡᠷᠡᠭᠯᠡᠬᠦ ᠶᠢ ᠴᠠᠭᠠᠵᠠᠯᠠᠬᠤ ᠳᠤ ᠬᠤᠯᠪᠣᠭᠳᠠᠭᠰᠠᠨ ᠬᠡᠭᠡᠷ᠎ᠡ ᠶᠢᠨ ᠠᠮᠢᠲᠠᠨ ᠤ ᠲᠤᠬᠠᠶ ᠲᠣᠳᠣᠷᠬᠠᠶ ᠲᠣᠭᠲᠠᠭᠠᠯ ᠭᠠᠷᠭᠠᠭᠰᠠᠨ ᠤᠤ︖ ᠨᠢᠭᠡ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ ᠪᠠ ᠪᠤᠰᠤᠳ ᠬᠤᠯᠪᠣᠭᠳᠠᠯ ᠪᠦᠬᠦᠢ ᠬᠠᠤᠯᠢ ᠴᠠᠭᠠᠵᠠ ᠳᠤ ᠲᠣᠳᠣᠷᠬᠠᠶ ᠴᠠᠭᠠᠵᠠᠯᠠᠭᠰᠠᠨ ᠬᠡᠭᠡᠷ᠎ᠡ ᠶᠢᠨ ᠠᠮᠢᠲᠠᠨ ᠢ ᠢᠳᠡᠬᠦ ᠠᠵᠢᠯᠯᠠᠭ᠎ᠠ ᠶᠢ ᠡᠷᠬᠡᠪᠰᠢ ᠴᠢᠩᠭ᠎ᠠ ᠴᠠᠭᠠᠵᠠᠯᠠᠬᠤ ᠬᠡᠷᠡᠭᠲᠡᠶ᠃ ᠬᠤᠶᠠᠷ ︽ᠭᠤᠷᠪᠠᠨ ᠦᠷᠲᠡᠭᠲᠦ ᠠᠮᠢᠲᠠᠨ︾ ︵ᠴᠢᠬᠤᠯᠠ ᠠᠮᠢ ᠠᠬᠤᠶ᠂ ᠰᠢᠨᠵᠢᠯᠡᠬᠦ ᠤᠬᠠᠭᠠᠨ᠂ ᠨᠡᠶᠢᠭᠡᠮ ᠤᠨ ᠦᠨ᠎ᠡ ᠥᠷᠲᠡᠭ ᠲᠠᠢ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ︶ ᠵᠢᠴᠢ ᠪᠤᠰᠤᠳ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠢ ᠢᠳᠡᠬᠦ ᠠᠵᠢᠯᠯᠠᠭ᠎ᠠ ᠶᠢ ᠪᠥᠬᠦ ᠲᠠᠯ᠎ᠠ ᠪᠠᠷ ᠴᠠᠭᠠᠵᠠᠯᠠᠨ᠎ᠠ᠃ ᠡᠭᠦᠨ ᠳᠤ ᠬᠥᠮᠦᠨ ᠤ ᠬᠦᠴᠦ ᠪᠠᠷ ᠲᠡᠵᠢᠭᠡᠨ ᠦᠷᠡᠵᠢᠬᠦᠯᠦᠭᠰᠡᠨ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠪᠠᠭᠲᠠᠨ᠎ᠠ᠃ ︽ᠲᠣᠭᠲᠠᠭᠠᠯ︾ ᠤᠨ ᠱᠠᠭᠠᠷᠳᠠᠯᠭ᠎ᠠ ᠶᠣᠰᠣᠭᠠᠷ᠂ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠤ ᠠᠬᠤᠶ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠭᠠᠷᠴᠠᠭ ᠲᠤ ᠵᠢᠭᠰᠠᠭᠠᠭᠳᠠᠭᠰᠠᠨ ᠬᠥᠮᠦᠨ ᠤ ᠬᠦᠴᠦ ᠪᠠᠷ ᠲᠡᠵᠢᠭᠡᠨ ᠦᠷᠡᠵᠢᠬᠦᠯᠦᠭᠰᠡᠨ ᠬᠡᠭᠡᠷ᠎ᠡ ᠶᠢᠨ ᠠᠮᠢᠲᠠᠨ ᠪᠣᠯ ᠭᠡᠷ ᠤᠨ ᠲᠡᠵᠢᠭᠡᠪᠦᠷᠢ ᠪᠤᠶᠤ ᠭᠡᠷ ᠤᠨ ᠵᠢᠭᠦᠷᠲᠡᠨ ᠳᠤ ᠲᠣᠭᠠᠴᠠᠭᠳᠠᠵᠤ᠂ ᠲᠡᠭᠦᠨ ᠢ ᠠᠮᠢᠲᠠᠨ ᠭᠡᠨ᠎ᠡ︔ ᠭᠠᠷᠴᠠᠭ ᠲᠤ ᠣᠷᠣᠭᠤᠯᠤᠭᠰᠠᠨ ᠦᠭᠡᠢ ᠬᠡᠭᠡᠷ᠎ᠡ ᠶᠢᠨ ᠠᠮᠢᠲᠠᠨ ᠢ ᠠᠩᠨᠠᠬᠤ᠂ ᠠᠷᠠᠯᠵᠢᠶᠠᠯᠠᠬᠤ᠂ ᠵᠥᠭᠡᠭᠡᠪᠦᠷᠢᠯᠡᠬᠦ᠂ ᠢᠳᠡᠬᠦ ᠶᠢ ᠴᠠᠭᠠᠵᠠᠯᠠᠨ᠎ᠠ᠃ ᠲᠥᠬᠦᠮ ᠢᠶᠠᠷ ᠬᠡᠯᠡᠪᠡᠯ᠂ ᠬᠡᠭᠡᠷ᠎ᠡ ᠶᠢᠨ ᠠᠮᠢᠲᠠᠨ ᠢ ᠢᠳᠡᠵᠦ ᠪᠣᠯᠬᠤ ᠥᠬᠡᠶ᠂ ᠲᠡᠵᠢᠭᠡᠨ ᠦᠷᠡᠵᠢᠬᠦᠯᠵᠦ ᠪᠠᠶᠢᠭ᠎ᠠ ᠭᠠᠷᠴᠠᠭ ᠲᠤ ᠣᠷᠣᠭᠤᠯᠤᠭᠰᠠᠨ ᠦᠭᠡᠢ ᠬᠡᠭᠡᠷ᠎ᠡ ᠶᠢᠨ ᠠᠮᠢᠲᠠᠨ ᠢ ᠴᠦ ᠢᠳᠡᠵᠦ ᠪᠣᠯᠬᠤ ᠥᠬᠡᠶ᠃      ᠠᠰᠠᠭᠤᠯᠲᠠ᠄ ᠬᠡᠭᠡᠷ᠎ᠡ ᠶᠢᠨ ᠠᠮᠢᠲᠠᠨ ᠤ ᠠᠰᠢᠭᠯᠠᠯᠲᠠ ᠬᠠᠮᠢᠶᠠᠷᠤᠯᠲᠠ ᠪᠠ ᠬᠢᠨᠠᠯᠲᠠ ᠬᠠᠮᠢᠶᠠᠷᠣᠯᠳᠠ ᠶᠢ ᠬᠡᠷᠬᠢᠨ ᠲᠤᠭᠳᠠᠭᠠᠭᠰᠠᠨ ᠪᠣᠶ︖      ︽ᠮᠡᠳᠡᠭᠳᠡᠯ︾ ᠳᠤ ᠰᠢᠨᠵᠢᠯᠡᠬᠦ ᠤᠬᠠᠭᠠᠨ ᠤ ᠰᠤᠳᠤᠯᠭᠠᠨ᠂ ᠡᠮ ᠡᠮᠨᠡᠯᠭᠡ ᠳᠤ ᠬᠡᠷᠡᠭᠯᠡᠬᠦ᠂ ᠲᠤᠭᠯᠠᠯᠳᠠ ᠦᠵᠡᠬᠦᠯᠦᠯᠭᠡ᠂ ᠳᠦᠷᠰᠦ ᠶᠢᠨ ᠲᠦᠷᠦᠯ ᠤᠨ ᠬᠠᠮᠠᠭᠠᠯᠠᠯᠲᠠ᠂ ᠳᠦᠷᠰᠦ ᠶᠢᠨ ᠲᠦᠷᠦᠯ ᠤᠨ ᠡᠬᠡ ᠠᠮᠢᠲᠠᠨ ᠢ ᠦᠷᠡᠵᠢᠬᠦᠯᠬᠦ᠂ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠵᠡᠷᠭᠡ ᠪᠤᠰᠤᠳ ᠣᠨᠴᠠᠭᠠᠶ ᠪᠠᠶᠢᠳᠠᠯ ᠠᠴᠠ ᠪᠣᠯᠵᠣ ᠂ ᠬᠡᠭᠡᠷ᠎ᠡ ᠶᠢᠨ ᠠᠮᠢᠲᠠᠨ ᠢ ᠢᠳᠡᠭᠡᠨ ᠤ ᠪᠤᠰᠤ ᠴᠢᠨᠠᠷᠲᠠᠶ ᠠᠰᠢᠭᠯᠠᠬᠤ ᠴᠢᠬᠤᠯᠠᠲᠠᠶ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠬᠢᠨᠠᠨ ᠵᠥᠪᠰᠢᠶᠡᠷᠡᠬᠦ ᠪᠠ ᠰᠢᠯᠭᠠᠨ ᠬᠢᠨᠠᠵᠤ ᠬᠢᠵᠢᠭ ᠤᠨ ᠪᠠᠶᠢᠴᠠᠭᠠᠯᠳᠠ ᠬᠢᠬᠦ ᠬᠡᠷᠡᠭᠲᠡᠶ᠃ ᠬᠡᠭᠡᠷ᠎ᠡ ᠭᠠᠳᠠᠨ᠎ᠠ ᠠᠶᠠᠨᠳᠠᠭᠠᠨ ᠦᠷᠡᠵᠢᠵᠦ ᠪᠠᠶᠢᠭ᠎ᠠ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠢ ᠢᠳᠡᠬᠦ ᠪᠠᠷ ᠵᠣᠷᠢᠯᠭ᠎ᠠ ᠪᠣᠯᠭᠠᠨ ᠠᠩᠨᠠᠬᠤ᠂ ᠠᠷᠠᠯᠵᠢᠶᠠᠯᠠᠬᠤ᠂ ᠲᠡᠭᠡᠭᠡᠪᠦᠷᠢᠯᠡᠬᠦ ᠶᠢ ᠴᠠᠭᠠᠵᠠᠯᠠᠨ᠎ᠠ᠃ ᠬᠡᠭᠡᠷ᠎ᠡ ᠶᠢᠨ ᠠᠮᠢᠲᠠᠨ ᠢ ᠠᠩᠨᠠᠭᠰᠠᠨ᠂ ᠠᠷᠠᠯᠵᠢᠶᠠᠯᠠᠭᠰᠠᠨ᠂ ᠵᠥᠭᠡᠭᠡᠪᠦᠷᠢᠯᠡᠭᠰᠡᠨ᠂ ᠠᠰᠢᠭᠯᠠᠭᠰᠠᠨ᠂ ᠪᠡᠶ᠎ᠡ ᠳᠡᠭᠡᠨ ᠠᠪᠴᠤ ᠶᠠᠪᠤᠭᠰᠠᠨ᠂ ᠭᠤᠪᠢᠭᠤᠯᠤᠭᠰᠠᠨ ᠠᠵᠢᠯᠯᠠᠭ᠎ᠠ ᠨᠢ ᠬᠠᠤᠯᠢ ᠶᠤᠰᠤᠨ ᠤ ᠠᠩ ᠠᠩᠨᠠᠯ ᠤᠨ ᠦᠨᠡᠮᠯᠡᠯ᠂ ᠲᠤᠰᠬᠠᠶ ᠢᠯᠡᠳᠬᠡᠮᠵᠢ ᠲᠡᠮᠳᠡᠭ ᠂ ᠬᠦᠮᠦᠨ ᠤ ᠬᠦᠴᠦ ᠪᠠᠷ ᠲᠡᠵᠢᠭᠡᠨ ᠦᠷᠡᠵᠢᠬᠦᠯᠬᠦ ᠵᠥᠪᠰᠢᠶᠡᠷᠡᠯ ᠤᠨ ᠦᠨᠡᠮᠯᠡᠯ᠂ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠠᠭᠤᠯᠪᠤᠷᠢ ᠳᠡᠪᠲᠡᠷ ᠪᠤᠶᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠡᠷᠡᠴᠢ ᠵᠡᠷᠭᠡ ᠬᠠᠤᠯᠢ ᠶᠣᠰᠣᠨ ᠤ ᠢᠷᠡᠯᠲᠡ ᠶᠢᠨ ᠭᠡᠷᠡᠴᠢ ᠪᠠ ᠬᠢᠵᠢᠭ ᠤᠨ ᠪᠠᠶᠢᠴᠠᠭᠠᠯᠲᠠ ᠶᠢᠨ ᠭᠡᠷᠡᠴᠢ ᠪᠠᠶᠢᠬᠤ ᠬᠡᠷᠡᠭᠲᠡᠶ᠃ ᠤᠯᠤᠰ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠢᠳᠡᠭᠡᠨ ᠤ ᠵᠦᠢᠯ ᠢᠶᠠᠷ ᠵᠣᠷᠢᠯᠭ᠎ᠠ ᠪᠣᠯᠭᠠᠭᠰᠠᠨ ᠬᠡᠭᠡᠷ᠎ᠡ ᠶᠢᠨ ᠠᠮᠢᠲᠠᠨ ᠢ ᠠᠩᠨᠠᠬᠤ᠂ ᠬᠤᠳᠠᠯᠳᠤᠬᠤ᠂ ᠬᠤᠳᠠᠯᠳᠤᠨ ᠠᠪᠬᠤ᠂ ᠭᠠᠳᠠᠭᠠᠳᠤ ᠠᠴᠠ ᠣᠷᠣᠭᠤᠯᠬᠤ ᠵᠡᠷᠭᠡ ᠠᠵᠢᠯᠯᠠᠭ᠎ᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠶᠢ ᠴᠥᠮ ᠵᠣᠭᠰᠣᠭᠠᠬᠤ ᠬᠡᠷᠡᠭᠲᠡᠶ᠃      ᠠᠰᠠᠭᠤᠯᠲᠠ᠄ ᠲᠡᠵᠢᠭᠡᠵᠦ ᠪᠠᠶᠢᠭ᠎ᠠ ᠬᠡᠭᠡᠷ᠎ᠡ ᠶᠢᠨ ᠠᠮᠢᠲᠠᠨ ᠳᠤ ᠶᠠᠮᠠᠷ ᠱᠠᠭᠠᠷᠳᠠᠯᠭ᠎ᠠ ᠲᠤᠭᠳᠠᠭᠠᠭᠰᠠᠨ ᠪᠣᠶ︖      ︽ᠮᠡᠳᠡᠭᠳᠡᠯ︾ ᠳᠤ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠵᠠᠷᠴᠢᠮ ᠶᠣᠰᠣᠭᠠᠷ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠤᠭᠤᠳ ᠬᠠᠷᠢᠶ᠎ᠠ ᠣᠷᠣᠨ ᠳᠠᠬᠢ ᠬᠡᠭᠡᠷ᠎ᠡ ᠶᠢᠨ ᠠᠮᠢᠲᠠᠨ ᠢ ᠬᠥᠮᠦᠨ ᠤ ᠬᠦᠴᠦ ᠪᠠᠷ ᠲᠡᠵᠢᠭᠡᠨ ᠦᠷᠡᠵᠢᠬᠦᠯᠬᠦ᠂ ᠡᠵᠡᠩᠨᠡᠨ ᠠᠰᠢᠭᠯᠠᠬᠤ ᠪᠠᠶᠢᠭᠤᠯᠤᠮᠵᠢ ᠶᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠵᠦ᠂ ᠢᠳᠡᠭᠡᠨ ᠳᠤ ᠬᠡᠷᠡᠭᠯᠡᠬᠦ ᠪᠠᠷ ᠵᠣᠷᠢᠯᠭ᠎ᠠ ᠪᠣᠯᠭᠠᠭᠰᠠᠨ ᠲᠡᠵᠢᠭᠡᠨ ᠦᠷᠡᠵᠢᠭᠦᠯᠬᠦ ᠡᠷᠦᠬᠡ ᠶᠢ ᠵᠢᠯᠤᠭᠤᠳᠴᠤ ᠪᠠᠶᠢᠭᠠᠳ ᠬᠡᠭᠡᠷ᠎ᠡ ᠶᠢᠨ ᠠᠮᠢᠲᠠᠨ ᠢ ᠲᠣᠬᠢᠲᠠᠶ ᠰᠢᠢᠳᠪᠦᠷᠢᠯᠡᠵᠦ᠂ ᠠᠰᠠᠭᠤᠳᠠᠯ ᠡᠭᠦᠰᠬᠦ ᠠᠴᠠ ᠰᠡᠷᠭᠡᠶᠢᠯᠡᠨ᠎ᠡ᠃ ᠢᠳᠡᠭᠡᠨ ᠳᠤ ᠬᠡᠷᠡᠭᠯᠡᠬᠦ ᠶᠢ ᠴᠠᠭᠠᠵᠠᠯᠠᠭᠰᠠᠨ ᠤ ᠳᠠᠷᠠᠭ᠎ᠠ ᠲᠡᠵᠢᠭᠡᠬᠦ ᠪᠠᠨ ᠵᠣᠭᠰᠣᠭᠰᠠᠨ ᠬᠡᠭᠡᠷ᠎ᠡ ᠶᠢᠨ ᠠᠮᠢᠲᠠᠨ ᠢ ᠪᠠᠶᠢᠭᠠᠯᠢ ᠳᠤ ᠨᠢ ᠪᠤᠴᠠᠭᠠᠬᠤ ᠴᠢᠬᠤᠯᠠᠳᠠᠢ ᠪᠠᠶᠢᠪᠠᠯ᠂ ᠮᠠᠨ ᠤ ᠣᠷᠣᠨ ᠤ ᠳᠦᠷᠰᠦ ᠶᠢᠨ ᠲᠦᠷᠦᠯ ᠤᠨ ᠪᠠᠶᠢᠭᠠᠯᠢ ᠶᠢᠨ ᠲᠠᠷᠬᠠᠯᠳᠠ ᠶᠢᠨ ᠪᠠᠶᠢᠳᠠᠯ ᠳᠤ ᠴᠢᠭᠯᠡᠭᠦᠯᠦᠨ᠂ ᠲᠣᠰ ᠳᠦᠷᠰᠦ ᠶᠢᠨ ᠲᠦᠷᠦᠯ ᠤᠨ ᠪᠠᠶᠢᠭᠠᠯᠢ ᠶᠢᠨ ᠲᠠᠷᠬᠠᠯᠲᠠ ᠶᠢᠨ ᠣᠷᠣᠨ ᠪᠤᠶᠤ ᠲᠡᠦᠬᠡᠨ ᠲᠠᠷᠬᠠᠯᠲᠠ ᠶᠢᠨ ᠤᠬᠢ ᠰᠠᠶᠢᠨ ᠣᠷᠣᠨ ᠢ ᠰᠣᠩᠭᠤᠵᠤ᠂ ᠲᠤᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠳᠠᠭᠠᠭᠠᠴᠠ ᠶᠢᠨ ᠬᠡᠮᠵᠢᠶᠡᠨ ᠳᠤ ᠬᠢᠵᠠᠭᠠᠷᠯᠠᠨ᠎ᠠ᠃ ᠪᠠᠶᠢᠭᠠᠯᠢ ᠳᠤ ᠨᠢ ᠪᠤᠴᠠᠭᠠᠬᠤ ᠪᠣᠳᠠᠭᠠᠯᠢ ᠪᠡᠶ᠎ᠡ ᠳᠤ ᠡᠷᠡᠭᠦᠯ ᠮᠡᠨᠳᠦ ᠶᠢᠨ ᠪᠠᠶᠢᠴᠠᠭᠠᠯᠲᠠ ᠬᠢᠵᠦ᠂ ᠵᠤᠬᠢᠴᠠᠭᠤᠯᠬᠤ ᠴᠢᠨᠠᠷᠲᠠᠶ ᠪᠡᠯᠡᠳᠬᠡᠯ ᠠᠵᠢᠯ ᠬᠢᠵᠦ᠂ ᠪᠠᠶᠢᠭᠠᠯᠢ ᠳᠤ ᠨᠢ ᠪᠤᠴᠠᠭᠠᠬᠤ ᠲᠥᠰᠦᠯ ᠢ ᠰᠢᠨᠵᠢᠯᠡᠬᠦ ᠤᠬᠠᠭᠠᠨᠴᠢ ᠪᠠᠷ ᠨᠤᠲᠠᠯᠠᠭᠰᠠᠨ ᠤ ᠳᠠᠷᠠᠭ᠎ᠠ ᠬᠡᠷᠡᠭᠵᠢᠬᠦᠯᠵᠦ᠂ ᠠᠮᠢ ᠠᠬᠤᠶ ᠶᠢᠨ ᠬᠤᠤᠷ ᠬᠥᠨᠥᠭᠡᠯ ᠤᠴᠠᠷᠠᠭᠤᠯᠬᠤ ᠥᠬᠡᠶ ᠪᠠᠶᠢᠬᠤ ᠶᠢ ᠪᠠᠲᠤᠯᠠᠨ᠎ᠠ︔ ᠬᠡᠮᠵᠢᠶ᠎ᠡ ᠨᠢ ᠶᠡᠭᠡ᠂ ᠲᠤᠬᠠᠶ ᠶᠢᠨ ᠤᠷᠤᠨ ᠤ ᠳᠠᠭᠠᠭᠠᠴᠠ ᠠᠴᠠ ᠳᠠᠪᠠᠭᠰᠠᠨ ᠪᠠᠶᠢᠪᠠᠯ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠳᠡᠭᠡᠭᠰᠢᠬᠢ ᠣᠶ ᠰᠢᠭᠤᠶ ᠪᠠ ᠨᠤᠲᠤᠭ ᠪᠡᠯᠴᠢᠭᠡᠷ ᠤᠨ ᠰᠠᠯᠠᠭ᠎ᠠ ᠮᠦᠴᠢᠷ ᠠᠴᠠ ᠵᠣᠬᠢᠴᠠᠭᠤᠯᠤᠨ ᠣᠷᠣᠨ ᠪᠦᠰᠡ ᠠᠯᠤᠰᠯᠠᠵᠤ᠂ ᠬᠤᠭᠤᠴᠠᠭ᠎ᠠ ᠪᠦᠯᠦᠭ ᠬᠤᠪᠢᠶᠠᠨ ᠲᠠᠷᠠᠬᠠᠶ ᠪᠤᠲᠠᠷᠬᠠᠶ ᠪᠠᠷ ᠪᠠᠶᠢᠭᠠᠯᠢ ᠳᠤ ᠨᠢ ᠪᠤᠴᠠᠭᠠᠬᠤ ᠶᠢ ᠬᠡᠷᠡᠭᠵᠢᠭᠦᠯᠵᠦ᠂ ᠡᠮ ᠳᠤ ᠬᠡᠷᠡᠭᠯᠡᠬᠦ᠂ ᠰᠣᠨᠢᠷᠬᠠᠬᠤ ᠦᠨ᠎ᠡ ᠥᠷᠲᠡᠭ ᠪᠦᠬᠦᠢ ᠲᠡᠵᠢᠭᠡᠪᠦᠷᠢ ᠬᠡᠭᠡᠷ᠎ᠡ ᠶᠢᠨ ᠠᠮᠢᠲᠠᠨ ᠤ ᠵᠠᠰᠠᠭ ᠵᠠᠬᠢᠷᠭᠠᠨ ᠤ ᠵᠥᠪᠰᠢᠶᠡᠷᠡᠯ ᠪᠠ ᠮᠡᠳᠡᠭᠡ ᠵᠠᠩᠭᠢ ᠶᠢᠨ ᠦᠢᠯᠡᠴᠢᠯᠡᠭᠡ ᠶᠢ ᠲᠦᠷᠭᠡᠳᠬᠡᠨ ᠠᠬᠢᠭᠤᠯᠵᠤ᠂ ᠢᠳᠡᠭᠡᠨ ᠤ ᠪᠤᠰᠤ ᠴᠢᠨᠠᠷᠲᠠᠶ ᠬᠠᠤᠯᠢ ᠶᠣᠰᠣᠨ ᠤ ᠬᠡᠷᠡᠭᠴᠡᠭᠡ ᠪᠣᠯᠭᠠᠨ ᠬᠤᠪᠢᠷᠠᠭᠤᠯᠵᠤ ᠪᠣᠯᠤᠨ᠎ᠠ︔ ᠢᠳᠡᠭᠡᠨ ᠳᠤ ᠬᠡᠷᠡᠭᠯᠡᠬᠦ ᠶᠢ ᠴᠠᠭᠠᠵᠠᠯᠠᠬᠤ ᠬᠡᠪᠴᠢᠶᠡᠨ ᠳᠣᠲᠣᠷᠠᠬᠢ ᠭᠠᠳᠠᠨ᠎ᠠ ᠠᠴᠠ ᠢᠷᠡᠭᠰᠡᠨ ᠬᠡᠭᠡᠷ᠎ᠡ ᠶᠢᠨ ᠠᠮᠢᠲᠠᠨ ᠢ ᠪᠠᠶᠢᠭᠠᠯᠢ ᠳᠤ ᠨᠢ ᠪᠤᠴᠠᠭᠠᠵᠤ ᠪᠣᠯᠬᠤ ᠦᠭᠡᠢ᠂ ᠨᠠᠶᠢᠳᠠᠨ ᠣᠷᠣᠯᠠᠨ ᠲᠡᠵᠢᠭᠡᠯᠭᠡᠬᠦ ᠪᠤᠶᠤ ᠨᠥᠬᠦᠴᠡᠯ ᠪᠦᠷᠢᠯᠳᠦᠭᠦᠯᠦᠭᠰᠡᠨ ᠬᠤᠷᠢᠶᠠᠮᠵᠢᠯᠠᠨ ᠠᠪᠤᠷᠠᠬᠤ ᠪᠠᠶᠢᠭᠤᠯᠤᠮᠵᠢ ᠳᠤ ᠰᠢᠯᠵᠢᠭᠦᠯᠦᠨ ᠲᠤᠰᠢᠶᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠰᠢᠨᠵᠢᠯᠡᠬᠦ ᠤᠬᠠᠭᠠᠨ ᠢ ᠲᠦᠭᠡᠮᠡᠯᠵᠢᠬᠦᠯᠬᠦ ᠰᠤᠷᠭᠠᠨ ᠬᠥᠮᠦᠵᠢᠯ ᠵᠡᠷᠭᠡ ᠶᠢ ᠦᠨᠳᠦᠰᠦᠯᠡᠨ ᠵᠣᠬᠢᠰᠲᠠᠶ ᠲᠣᠬᠢᠷᠠᠭᠤᠯᠤᠯᠲᠠ ᠬᠢᠵᠦ ᠪᠤᠯᠤᠨ᠎ᠠ᠄ ᠰᠢᠢᠳᠪᠦᠷᠢᠯᠡᠬᠦ ᠶᠢᠨ ᠠᠷᠭ᠎ᠠ ᠥᠬᠡᠶ ᠲᠡᠵᠢᠭᠡᠪᠦᠷᠢ ᠶᠢᠨ ᠬᠡᠭᠡᠷ᠎ᠡ ᠶᠢᠨ ᠠᠮᠢᠲᠠᠨ ᠢ ᠴᠠᠭ ᠲᠤᠬᠠᠶ ᠳᠤᠨᠢ ᠵᠤᠬᠢᠰᠳᠠᠢ ᠰᠢᠢᠳᠪᠦᠷᠢᠯᠡᠨ᠎ᠡ᠃      ᠠᠰᠠᠭᠤᠯᠲᠠ᠄ ᠬᠡᠭᠡᠷ᠎ᠡ ᠶᠢᠨ ᠠᠮᠢᠲᠠᠨ ᠤ ᠨᠥᠬᠦᠪᠥᠷᠢ ᠥᠭᠬᠦ ᠲᠤᠭᠳᠠᠭᠠᠯ ᠳᠤ ᠬᠡᠷᠬᠢᠨ ᠱᠠᠭᠠᠷᠳᠠᠭᠰᠠᠨ ᠪᠣᠶ︖      ︽ᠮᠡᠳᠡᠭᠳᠡᠯ︾ ᠳᠤ᠂ ᠪᠥᠬᠦ ᠣᠷᠣᠨ ᠤ ᠡᠯ᠎ᠡ ᠬᠤᠯᠪᠣᠭᠳᠠᠯ ᠪᠥᠬᠦᠶ ᠣᠷᠣᠨ ᠨᠤᠲᠤᠭ ᠤᠨ ᠠᠷᠠᠳ ᠤᠨ ᠵᠠᠰᠠᠭ ᠤᠨ ᠤᠷᠳᠤᠨ ᠲᠡᠵᠢᠭᠡᠨ ᠦᠷᠡᠵᠢᠭᠦᠯᠬᠦ ᠡᠷᠦᠬᠡ ᠶᠢ ᠢᠳᠡᠪᠬᠢᠲᠡᠶ ᠬᠥᠲᠥᠯᠦᠨ ᠵᠢᠯᠣᠭᠤᠳᠴᠤ᠂ ᠬᠠᠪᠰᠤᠷᠤᠨ ᠲᠡᠳᠬᠦᠵᠦ ᠪᠠᠶᠢᠭᠠᠳ ᠦᠢᠯᠡᠳᠪᠦᠷᠢᠯᠡᠯ ᠡᠵᠡᠩᠨᠡᠯᠲᠡ ᠶᠢᠨ ᠴᠢᠭᠯᠡᠯ ᠢ ᠨᠢ ᠬᠤᠪᠢᠷᠠᠭᠤᠯᠵᠤ᠂ ᠲᠡᠷᠡᠴᠢᠯᠡᠨ ᠪᠣᠳᠠᠲᠤ ᠪᠠᠶᠢᠳᠠᠯ ᠢ ᠦᠨᠳᠦᠰᠦᠯᠡᠨ ᠵᠣᠬᠢᠬᠤ ᠬᠡᠮᠵᠢᠶᠡᠨ ᠤ ᠨᠥᠬᠦᠪᠥᠷᠢ ᠥᠭᠭᠦᠨ᠎ᠡ᠃ ᠢᠳᠡᠭᠡᠨ ᠳᠤ ᠬᠡᠷᠡᠭᠯᠡᠬᠦ ᠶᠢ ᠴᠠᠭᠠᠵᠠᠯᠠᠬᠤ ᠠᠷᠭ᠎ᠠ ᠬᠡᠮᠵᠢᠶ᠎ᠡ ᠠᠴᠠ ᠪᠣᠯᠤᠭᠰᠠᠨ ᠬᠤᠬᠢᠷᠠᠯ ᠤᠨ ᠪᠠᠶᠢᠳᠠᠯ ᠳᠤ ᠴᠢᠭᠯᠡᠭᠦᠯᠦᠨ᠂ ᠡᠯ᠎ᠡ ᠭᠠᠵᠠᠷ ᠤᠨ ᠬᠢᠨ ᠨᠠᠷᠢᠨ ᠬᠢᠨᠠᠮᠠᠭᠠᠶ ᠪᠠᠷ ᠪᠠᠶᠢᠳᠠᠯ ᠢ ᠣᠶᠢᠯᠠᠭᠠᠵᠤ᠂ ᠰᠢᠨᠵᠢᠯᠡᠬᠦ ᠤᠬᠠᠭᠠᠨᠴᠢ ᠦᠨᠡᠯᠡᠨ ᠵᠢᠱᠢᠯᠳᠠ ᠬᠢᠵᠦ᠂ ᠵᠦᠶ ᠵᠣᠬᠢᠰᠲᠠᠶ ᠨᠥᠬᠦᠪᠥᠷᠢ ᠥᠭᠬᠦ ᠲᠥᠰᠦᠯ ᠳᠤᠷᠠᠳᠴᠤ᠂ ᠨᠥᠬᠦᠪᠥᠷᠢ ᠥᠭᠬᠦ ᠬᠡᠪᠴᠢᠶ᠎ᠡ ᠶᠢ ᠲᠣᠳᠣᠷᠬᠠᠶᠢᠯᠠᠵᠤ᠂ ᠬᠠᠤᠯᠢ ᠶᠣᠰᠣᠭᠠᠷ ᠲᠡᠵᠢᠭᠡᠨ ᠦᠷᠡᠵᠢᠭᠦᠯᠦᠭᠰᠡᠨ᠂ ᠲᠣᠭᠲᠠᠭᠠᠯ ᠶᠣᠰᠣᠭᠠᠷ ᠠᠵᠢᠯ ᠢᠶᠠᠨ ᠵᠣᠭᠰᠣᠭᠠᠭᠰᠠᠨ ᠪᠣᠯ ᠨᠦᠬᠦᠪᠦᠷᠢ ᠥᠭᠬᠦ ᠡᠲᠡᠭᠡᠳ ᠪᠣᠯᠭᠠᠵᠤ᠂ ᠲᠣᠭᠲᠠᠭᠠᠯ ᠠᠴᠠ ᠵᠥᠷᠢᠴᠡᠨ ᠵᠥᠪᠰᠢᠶᠡᠷᠡᠯ ᠤᠨ ᠦᠨᠡᠮᠯᠡᠯ ᠣᠯᠤᠭᠰᠠᠨ ᠪᠤᠶᠤ ᠬᠠᠦᠯᠢ ᠠᠴᠠ ᠵᠥᠷᠢᠴᠡᠨ ᠲᠡᠵᠢᠭᠡᠨ ᠦᠷᠡᠵᠢᠭᠦᠯᠦᠭᠰᠡᠨ ᠪᠣᠯ ᠨᠥᠬᠦᠪᠥᠷᠢ ᠥᠭᠬᠦ ᠥᠬᠡᠶ᠃ ᠨᠥᠬᠦᠪᠥᠷᠢᠯᠡᠬᠦ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠲᠣᠭᠲᠠᠭᠠᠵᠤ᠂ ᠬᠡᠭᠡᠷ᠎ᠡ ᠶᠢᠨ ᠠᠮᠢᠲᠠᠨ ᠲᠡᠵᠢᠭᠡᠬᠦ ᠲᠥᠷᠥᠯ ᠵᠦᠢᠯ᠂ ᠲᠤᠭ᠎ᠠ ᠬᠡᠮᠵᠢᠶ᠎ᠡ ᠶᠢ ᠭᠤᠤᠯᠳᠠᠯᠭ᠎ᠠ ᠲᠠᠢ ᠪᠣᠳᠣᠯᠬᠢᠯᠠᠵᠤ᠂ ᠲᠡᠵᠢᠭᠡᠨ ᠦᠷᠡᠵᠢᠭᠦᠯᠬᠦ ᠲᠥᠬᠦᠭᠡᠷᠦᠮᠵᠢ ᠶᠢᠨ ᠣᠷᠣᠭᠤᠯᠤᠯᠲᠠ ᠪᠣᠯᠤᠨ ᠲᠡᠵᠢᠭᠡᠨ ᠦᠷᠡᠵᠢᠭᠦᠯᠬᠦ ᠵᠠᠭᠪᠤᠷ ᠵᠡᠷᠭᠡ ᠬᠦᠴᠦᠨ ᠵᠦᠢᠯ ᠢ ᠬᠠᠮᠲᠤ ᠳᠤᠨᠢ ᠬᠠᠷᠠᠭᠠᠯᠵᠠᠬᠤ ᠬᠡᠷᠡᠭᠲᠡᠶ᠃ ᠣᠷᠣᠨ ᠪᠦᠰᠡ ᠠᠯᠤᠰᠯᠠᠭᠰᠠᠨ ᠬᠤᠲᠠ ᠶᠢᠨ ᠬᠠᠷᠢᠯᠴᠠᠭ᠎ᠠ ᠵᠣᠬᠢᠴᠠᠭᠤᠯᠭ᠎ᠠ ᠶᠢ ᠴᠢᠩᠭᠠᠳᠬᠠᠵᠤ᠂ ᠨᠥᠬᠦᠪᠥᠷᠢ ᠶᠢᠨ ᠪᠠᠷᠢᠮᠵᠢᠶ᠎ᠡ ᠶᠢᠨ ᠵᠥᠷᠢᠶ᠎ᠡ ᠬᠡᠲᠦ ᠶᠡᠭᠡ ᠠᠴᠠ ᠪᠤᠯᠵᠤ ᠰᠢᠨ᠎ᠡ ᠵᠥᠷᠢᠴᠡᠯ ᠡᠭᠦᠰᠬᠦ ᠠᠴᠠ ᠵᠠᠶᠢᠯᠠᠰᠬᠢᠬᠤ ᠬᠡᠷᠡᠭᠳᠡᠢ᠃ ᠠᠶᠢᠮᠠᠭ ᠬᠤᠲᠠ᠂ ᠬᠤᠰᠢᠭᠤ ︵ᠬᠤᠲᠠ᠂ ᠲᠣᠭᠤᠷᠢᠭ︶ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠵᠠᠷᠴᠢᠮ ᠤᠨ ᠶᠣᠰᠣᠭᠠᠷ᠂ ᠨᠥᠬᠦᠪᠥᠷᠢ ᠥᠭᠬᠦ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠬᠦᠢᠴᠡᠳᠬᠡᠬᠦ ᠬᠡᠷᠡᠭᠲᠡᠶ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠥᠪ ᠤᠨ ᠲᠥᠷᠥ ᠶᠢᠨ ᠪᠣᠳᠣᠯᠭ᠎ᠠ᠂ ᠪᠡᠯᠡ ᠮᠥᠩᠭᠦ ᠶᠢᠨ ᠳᠡᠮᠵᠢᠯᠭᠡ ᠶᠢ ᠢᠳᠡᠪᠬᠢᠲᠡᠶ ᠣᠯᠬᠤ ᠬᠡᠷᠡᠭᠲᠡᠶ᠃      ᠠᠰᠠᠭᠤᠯᠲᠠ᠄ ᠬᠤᠶᠢᠰᠢᠳᠠ ᠬᠥᠮᠦᠨ ᠤ ᠬᠦᠴᠦ ᠪᠠᠷ ᠬᠡᠭᠡᠷ᠎ᠡ ᠶᠢᠨ ᠠᠮᠢᠲᠠᠨ ᠢ ᠲᠡᠵᠢᠭᠡᠨ ᠦᠷᠡᠵᠢᠬᠦᠯᠬᠦ ᠭᠤᠶᠤᠴᠢᠯᠠᠯ ᠢ ᠬᠡᠷᠬᠢᠨ ᠰᠢᠢᠳᠪᠦᠷᠢᠯᠡᠬᠦ ᠪᠣᠶ︖      ︽ᠲᠣᠭᠲᠠᠭᠠᠯ︾ ᠤᠨ ᠱᠠᠭᠠᠷᠳᠠᠯᠭ᠎ᠠ ᠶᠣᠰᠣᠭᠠᠷ᠂ ︽ᠤᠯᠤᠰ ᠤᠨ ᠤᠳᠤᠮᠯᠠᠯ ᠤᠨ ᠡᠬᠢ ᠪᠠᠶᠠᠯᠢᠭ ᠤᠨ ᠭᠠᠷᠴᠠᠭ︾ ᠲᠤ ᠣᠷᠣᠭᠤᠯᠤᠭᠰᠠᠨ ᠦᠭᠡᠢ ᠢᠳᠡᠭᠡᠨ ᠢᠶᠠᠷ ᠵᠣᠷᠢᠯᠭ᠎ᠠ ᠪᠤᠯᠭᠠᠭᠰᠠᠨ ᠬᠡᠭᠡᠷ᠎ᠡ ᠶᠢᠨ ᠠᠮᠢᠲᠠᠨ ᠢ ᠬᠦᠮᠦᠨ ᠤ ᠬᠦᠴᠦ ᠪᠠᠷ ᠲᠡᠵᠢᠭᠡᠨ ᠦᠷᠡᠵᠢᠬᠦᠯᠬᠦ ᠵᠠᠰᠠᠭ ᠵᠠᠬᠢᠷᠭᠠᠨ ᠤ ᠵᠥᠪᠰᠢᠶᠡᠷᠡᠯ ᠤᠨ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠶᠢ ᠴᠥᠮ ᠵᠣᠭᠰᠣᠭᠠᠨ᠎ᠠ︔ ︽ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠭᠠᠷᠴᠠᠭ︾ ᠲᠤ ᠨᠢᠭᠡᠨᠲᠡ ᠵᠢᠭᠰᠠᠭᠠᠭᠳᠠᠭᠰᠠᠨ ᠬᠥᠮᠦᠨ ᠤ ᠬᠦᠴᠦ ᠪᠠᠷ ᠲᠡᠵᠢᠭᠡᠨ ᠦᠷᠡᠵᠢᠬᠦᠯᠬᠦ ᠬᠡᠭᠡᠷ᠎ᠡ ᠶᠢᠨ ᠠᠮᠢᠲᠠᠨ ᠨᠢ ᠭᠡᠷ ᠤᠨ ᠲᠡᠵᠢᠭᠡᠪᠦᠷᠢ ᠪᠤᠶᠤ ᠭᠡᠷ ᠤᠨ ᠵᠢᠭᠦᠷᠲᠡᠨ ᠳᠤ ᠬᠠᠷᠢᠶᠠᠯᠠᠭᠳᠠᠨ᠎ᠠ᠂ ︽ᠮᠠᠯ ᠠᠵᠤ ᠠᠬᠤᠢ ᠶᠢᠨ ᠬᠠᠤᠯᠢ︾ ᠶᠢᠨ ᠲᠣᠭᠲᠠᠭᠠᠯ ᠢ ᠬᠡᠷᠡᠭᠯᠡᠵᠦ᠂ ᠣᠢ ᠰᠢᠭᠤᠶ ᠪᠠ ᠨᠤᠲᠤᠭ ᠪᠡᠯᠴᠢᠭᠡᠷ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠬᠤ ᠴᠢᠬᠤᠯᠠ ᠦᠭᠡᠢ᠂ ᠨᠢᠭᠡᠨᠲᠡ ᠬᠥᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ ᠵᠥᠪᠰᠢᠶᠡᠷᠡᠯ ᠤᠨ ᠦᠨᠡᠮᠯᠡᠯ ᠪᠤᠶᠤ ᠪᠢᠴᠢᠭ ᠮᠠᠲ᠋ᠧᠷᠢᠶᠠᠯ ᠢ ᠬᠢᠨᠠᠨ ᠣᠯᠭᠤᠭᠰᠠᠨ ᠪᠠᠶᠢᠪᠠᠯ᠂ ᠬᠢᠨᠠᠨ ᠣᠯᠭᠤᠭᠰᠠᠨ ᠵᠥᠪᠰᠢᠶᠡᠷᠡᠯ ᠤᠨ ᠦᠨᠡᠮᠯᠡᠯ ᠪᠤᠶᠤ ᠦᠨᠡᠮᠯᠡᠯ ᠢ ᠡᠷᠬᠡᠪᠰᠢ ᠴᠥᠮ ᠬᠦᠴᠦᠨ ᠦᠭᠡᠢ ᠪᠣᠯᠭᠠᠬᠤ ᠬᠡᠷᠡᠭᠳᠡᠢ︔ ᠰᠢᠨᠵᠢᠯᠡᠬᠦ ᠤᠬᠠᠭᠠᠨ ᠤ ᠰᠤᠳᠤᠯᠭᠠᠨ᠂ ᠡᠮ ᠳᠤ ᠬᠡᠷᠡᠭᠯᠡᠬᠦ᠂ ᠳᠡᠯᠭᠡᠨ ᠦᠵᠡᠬᠦᠯᠦᠯᠭᠡ ᠵᠡᠷᠭᠡ ᠣᠨᠴᠠᠭᠠᠶ ᠪᠠᠶᠢᠳᠠᠯ ᠠᠴᠠ ᠪᠤᠯᠵᠤ ᠬᠥᠮᠦᠨ ᠤ ᠬᠦᠴᠦ ᠪᠠᠷ ︽ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠭᠠᠷᠴᠠᠭ︾ ᠲᠤ ᠣᠷᠣᠭᠤᠯᠤᠭᠰᠠᠨ ᠦᠭᠡᠢ ᠬᠡᠭᠡᠷ᠎ᠡ ᠶᠢᠨ ᠠᠮᠢᠲᠠᠨ ᠢ ᠦᠷᠡᠵᠢᠭᠦᠯᠦᠨ ᠪᠤᠶᠢᠵᠢᠭᠤᠯᠬᠤ ᠴᠢᠬᠤᠯᠠᠲᠠᠶ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠬᠢᠨᠠᠨ ᠵᠥᠪᠰᠢᠶᠡᠷᠡᠬᠦ ᠬᠡᠷᠡᠭᠲᠡᠶ᠃
 
ᠢᠷᠡᠯᠲᠡ᠄ ᠥᠪᠦᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号