ᠨᠠᠮᠤᠷ ᠤᠨ ᠰᠡᠷᠢᠭᠦᠨ ᠣᠷᠣᠯ᠎ᠠ᠂ ᠡᠳᠡᠭᠡᠷ ᠤᠯᠠᠨ ᠡᠭᠦᠰᠳᠡᠭ ᠡᠪᠡᠳᠴᠢᠨ ᠢ ᠠᠩᠬᠠᠷᠬᠤ ᠪᠤᠯᠪᠠ ᠦᠦ︕
ᠨᠡᠶᠢᠲᠡᠯᠡᠭᠰᠡᠨ ᠴᠠᠭ᠄
2020/10/20
     ᠡᠨᠡ ᠤᠯᠠᠷᠢᠯ ᠳᠤ ᠶᠠᠮᠠᠷ ᠶᠠᠮᠠᠷ ᠡᠪᠡᠳᠴᠢᠨ ᠣᠯᠠᠨ ᠡᠭᠦᠰᠳᠡᠭ ᠪᠣᠶ︖ ᠬᠡᠷᠬᠢᠨ ᠴᠠᠭ ᠲᠤᠬᠠᠶ ᠳᠤᠨᠢ ᠪᠦᠲᠦᠮᠵᠢᠲᠡᠶ ᠤᠷᠢᠳᠴᠢᠯᠠᠨ ᠰᠡᠷᠭᠡᠶᠢᠯᠡᠬᠦ ᠪᠠ ᠡᠮᠨᠡᠨ ᠵᠠᠰᠠᠬᠤ ᠪᠣᠶ︖      1᠂ ᠲᠠᠭᠰᠢᠭᠤᠷ ᠢ ᠰᠡᠷᠭᠡᠶᠢᠯᠡᠬᠦ ᠪᠠ ᠡᠮᠨᠡᠨ ᠵᠠᠰᠠᠬᠤ᠄ ᠡᠳᠦᠷ ᠲᠤᠲᠤᠮ ᠤᠨ ᠬᠤᠭᠤᠯᠠ ᠣᠮᠲᠠ ᠪᠠᠨ ᠲᠡᠩᠴᠡᠭᠦᠯᠬᠦ ᠶᠢ ᠠᠩᠬᠠᠷᠬᠤ ᠬᠡᠷᠡᠭᠲᠡᠢ᠃ ᠠᠮᠢᠳᠤᠷᠠᠯ ᠤᠨ ᠳᠤᠮᠳᠠ᠂ ᠬᠤᠪᠢ ᠬᠥᠮᠦᠨ ᠤ ᠡᠷᠡᠭᠦᠯ ᠬᠠᠮᠠᠭᠠᠯᠠᠯ ᠢ ᠠᠩᠬᠠᠷᠴᠤ᠂ ᠦᠷᠭᠦᠯᠵᠢ ᠴᠣᠩᠬᠤ ᠪᠠᠨ ᠨᠡᠭᠡᠭᠡᠵᠦ᠂ ᠭᠡᠷ ᠳᠣᠲᠣᠷᠠᠬᠢ ᠠᠭᠠᠷ ᠤᠨ ᠰᠤᠯᠢᠯᠴᠠᠭ᠎ᠠ ᠶᠢ ᠪᠠᠲᠤᠯᠠᠨ᠎ᠠ᠃ ᠴᠠᠭ ᠠᠭᠤᠷ ᠤᠨ ᠬᠤᠪᠢᠷᠠᠯᠲᠠ ᠶᠢ ᠠᠩᠬᠠᠷᠴᠤ᠂ ᠬᠤᠪᠴᠠᠰᠤ ᠬᠤᠨᠠᠷ ᠢᠶᠠᠨ ᠴᠠᠭ ᠲᠤᠬᠠᠶ ᠳᠤᠨᠢ ᠲᠠᠪᠬᠤᠷᠯᠠᠬᠤ ᠪᠣᠶᠣ ᠨᠢᠮᠬᠡᠯᠡᠵᠤ ᠡᠮᠣᠰᠬᠦ ᠬᠡᠷᠡᠭᠲᠠᠢ᠃ ᠭᠠᠳᠠᠭᠰᠢ ᠭᠠᠷᠬᠤ ᠳᠠᠭᠠᠨ ᠠᠮᠠᠪᠴᠢ ᠵᠡᠭᠦᠵᠦ᠂ ᠬᠠᠯᠠᠭᠤᠷᠠᠭᠰᠠᠨ ᠡᠪᠡᠳᠴᠢᠲᠡᠨ ᠲᠠᠢ ᠣᠶᠢᠷᠠᠳᠬᠤ ᠠᠴᠠ ᠵᠠᠶᠢᠯᠠᠰᠬᠢᠵᠦ᠂ ᠬᠦᠮᠦᠨ ᠣᠯᠠᠨ ᠭᠠᠵᠠᠷ ᠲᠤ ᠣᠴᠢᠬᠤ ᠶᠢ ᠴᠦᠬᠡᠳᠭᠡᠨ᠎ᠡ᠃ ᠪᠡᠶ᠎ᠡ ᠮᠠᠬᠠᠪᠣᠳ ᠢᠶᠠᠨ ᠪᠣᠯᠪᠠᠰᠤᠷᠠᠭᠤᠯᠬᠤ ᠳᠠᠳᠬᠠᠯ ᠢ ᠪᠤᠢ ᠪᠣᠯᠭᠠᠨ᠎ᠠ᠃ ᠬᠡᠷᠪᠡ ᠡᠩ ᠤᠨ ᠬᠢᠮᠤᠷᠠᠭ᠎ᠠ ᠪᠣᠯ ᠪᠤᠴᠠᠯᠤᠭᠰᠠᠨ ᠤᠰᠤ ᠢᠯᠡᠭᠦᠦ ᠤᠤᠭᠤᠬᠤ᠂ ᠭᠦᠢᠴᠡᠳ ᠠᠮᠠᠷᠠᠬᠤ ᠶᠢ ᠪᠠᠲᠤᠯᠠᠬᠤ ᠠᠷᠭ᠎ᠠ ᠪᠠᠷ ᠨᠠᠮᠳᠠᠭᠤᠯᠵᠤ ᠪᠣᠯᠤᠨ᠎ᠠ᠃ ᠬᠡᠷᠪᠡ ᠡᠪᠡᠳᠴᠢᠨ ᠤ ᠪᠠᠶᠢᠳᠠᠯ ᠨᠢ ᠨᠡᠯᠢᠶᠡᠳ ᠬᠦᠨᠳᠦ ᠪᠠᠶᠢᠪᠠᠯ᠂ ᠴᠠᠭ ᠲᠤᠬᠠᠢ ᠳᠤᠨᠢ ᠡᠮᠴᠢ ᠶᠢᠨ ᠵᠢᠯᠤᠭᠤᠳᠤᠯᠭ᠎ᠠ ᠳᠣᠣᠷ᠎ᠠ ᠡᠮᠨᠡᠨ ᠵᠠᠰᠠᠬᠤ ᠬᠡᠷᠡᠭᠲᠡᠢ᠃      2᠂ ᠬᠤᠳᠣᠭᠤᠳᠣ ᠭᠡᠳᠡᠰᠦᠨ ᠤ ᠡᠪᠡᠳᠴᠢᠨ ᠢ ᠰᠡᠷᠭᠡᠶᠢᠯᠡᠬᠦ ᠪᠠ ᠡᠮᠨᠡᠨ ᠵᠠᠰᠠᠬᠤ᠄ ᠢᠳᠡᠭᠡᠨ ᠤᠮᠳᠠᠭᠠᠨ ᠢ ︽ᠰᠢᠮ᠎ᠡ ᠲᠡᠵᠢᠭᠡᠯ ᠲᠠᠢ᠂ ᠲᠣᠰᠣ ᠦᠬᠡᠬᠦ ᠪᠠᠭ᠎ᠠ᠂ ᠰᠢᠩᠭᠡᠬᠦ ᠳᠤ ᠠᠮᠠᠷᠬᠠᠨ︾ ᠪᠠᠷ ᠭᠤᠤᠯ ᠪᠣᠯᠭᠠᠨ᠎ᠠ᠃ ᠢᠳᠡᠭᠡᠨ ᠤᠮᠳᠠᠭᠠᠨ ᠢᠶᠠᠨ ᠵᠣᠬᠢᠰᠲᠠᠢ ᠪᠠᠶᠢᠯᠭᠠᠬᠤ ᠶᠢ ᠠᠩᠬᠠᠷᠴᠤ᠂ ᠨᠠᠷᠢᠮᠤ ᠶᠢᠨ ᠰᠢᠩᠭᠡᠨ ᠪᠤᠳᠠᠭ᠎ᠠ ᠢᠯᠡᠭᠦᠦ ᠣᠣᠭᠤᠵᠣ᠂ ᠬᠠᠷ᠎ᠠ ᠮᠢᠬ᠎ᠠ᠂ ᠵᠢᠭᠦᠷᠲᠡᠨ ᠤ ᠥᠨᠳᠡᠭᠡ᠂ ᠨᠠᠩᠭᠢ ᠴᠠᠭᠠᠨ᠂ ᠴᠠᠭᠠᠨ ᠢᠳᠡᠭᠡ᠂ ᠰᠢᠨ᠎ᠡ ᠰᠣᠷᠭᠤᠭ ᠨᠣᠭᠤᠭ᠎ᠠ ᠵᠢᠮᠢᠰ ᠵᠡᠷᠭᠡ ᠶᠢ ᠵᠣᠬᠢᠰᠲᠠᠢ ᠨᠥᠬᠦᠪᠥᠷᠢᠯᠡᠵᠦ ᠪᠣᠯᠤᠨ᠎ᠠ᠃ ᠪᠠᠭ᠎ᠠ ᠢᠳᠡᠵᠦ᠂ ᠣᠯᠠᠨ ᠤᠳᠠᠭ᠎ᠠ ᠢᠳᠡᠬᠦ᠂ ᠲᠣᠰᠣᠯᠢᠭ᠂ ᠬᠠᠭᠠᠷᠢᠵᠤ ᠰᠢᠷᠠᠭᠰᠠᠨ᠂ ᠭᠤᠱᠤᠭᠤᠨ᠂ ᠳᠠᠪᠤᠰᠤᠯᠠᠭᠰᠠᠨ᠂ ᠲᠦᠭᠦᠬᠡᠶ ᠬᠦᠢᠲᠡᠨ ᠢᠳᠡᠭᠡᠨ ᠢ ᠪᠠᠭ᠎ᠠ ᠢᠳᠡᠬᠦ ᠪᠤᠶᠤ ᠢᠳᠡᠬᠦ ᠦᠭᠡᠶ ᠪᠠᠶᠢᠵᠤ᠂ ᠬᠤᠳᠣᠭᠤᠳᠣ ᠭᠡᠳᠡᠰᠦᠨ ᠤ ᠰᠡᠳᠦᠯᠲᠡ ᠶᠢ ᠪᠠᠭᠠᠰᠬᠠᠨ᠎ᠠ᠃ ᠳᠤᠯᠠᠭᠠᠯᠠᠬᠤ ᠪᠠ ᠬᠦᠢᠲᠡᠨ ᠢ ᠰᠡᠷᠭᠡᠶᠢᠯᠡᠬᠦ ᠶᠢ ᠠᠩᠬᠠᠷᠴᠤ᠂ ᠬᠤᠳᠣᠭᠤᠳᠣ ᠭᠡᠳᠡᠰᠦ ᠪᠠᠨ ᠬᠠᠮᠠᠭᠠᠯᠠᠬᠤ ᠬᠡᠷᠡᠭᠲᠡᠢ᠃      3᠂ ᠵᠢᠷᠦᠬᠡᠨ ᠡᠪᠡᠳᠴᠢᠨ ᠢ ᠰᠡᠷᠭᠡᠶᠢᠯᠡᠬᠦ ᠪᠠ ᠡᠮᠨᠡᠨ ᠵᠠᠰᠠᠬᠤ᠄ ᠢᠳᠡᠭᠡᠨ ᠤᠮᠳᠠᠭᠠᠨ ᠤ ᠲᠠᠯ᠎ᠠ ᠪᠠᠷ ᠳᠠᠪᠤᠰᠤ᠂ ᠥᠭᠡᠬᠦ ᠪᠠᠭᠠᠳᠠᠢ᠂ ᠢᠳᠡᠭᠡᠨ ᠤᠮᠳᠠᠭᠠᠨ ᠢᠶᠠᠨ ᠲᠡᠩᠴᠡᠭᠦᠯᠵᠦ᠂ ᠪᠦᠳᠦᠭᠦᠯᠢᠭ ᠠᠮᠤ᠂ ᠵᠢᠭᠠᠰᠤᠨ ᠤ ᠲᠦᠷᠦᠯ᠂ ᠰᠢᠷᠬᠡᠭᠯᠢᠭ ᠡᠳ᠋ ᠪᠠ ᠸᠢᠲ᠋ᠠᠮᠢᠨ ᠡᠯᠪᠡᠭ ᠠᠭᠤᠯᠣᠭᠰᠠᠨ ᠨᠣᠭᠤᠭ᠎ᠠ᠂ ᠲᠠᠮᠠᠬᠢ ᠴᠡᠭᠡᠷᠯᠡᠵᠦ ᠠᠷᠢᠬᠢ ᠶᠢ ᠬᠢᠵᠠᠭᠠᠷᠯᠠᠵᠤ᠂ ᠲᠣᠭᠲᠠᠭᠰᠠᠨ ᠴᠠᠭ ᠲᠤ ᠲᠣᠭᠲᠠᠭᠰᠠᠨ ᠬᠡᠮᠵᠢᠶ᠎ᠡ ᠲᠠᠢ ᠬᠤᠭᠤᠯᠠᠯᠠᠨ᠎ᠠ᠃ ᠵᠣᠬᠢᠰᠲᠠᠶ ᠪᠣᠯᠪᠠᠰᠤᠷᠠᠬᠤ ᠶᠢ ᠠᠩᠬᠠᠷᠴᠤ᠂ ᠥᠪᠡᠷ ᠤᠨ ᠪᠠᠶᠢᠳᠠᠯ ᠢᠶᠠᠨ ᠦᠨᠳᠦᠰᠦᠯᠡᠨ ᠠᠯᠬᠤᠬᠤ᠂ ᠱᠠᠲᠤ ᠠᠪᠠᠷᠢᠬᠤ ᠵᠡᠷᠭᠡ ᠬᠥᠳᠡᠯᠭᠡᠭᠡᠨ ᠬᠢᠪᠡᠯ ᠵᠣᠬᠢᠨ᠎ᠠ᠃ ᠤᠷᠮ᠎ᠠ ᠰᠡᠳᠬᠢᠯᠭᠡ ᠪᠠᠨ ᠲᠤᠭᠲᠠᠭᠤᠨ ᠲᠠᠯᠪᠢᠭᠤᠨ ᠪᠠᠶᠢᠯᠭᠠᠵᠦ᠂ ᠪᠠᠴᠢᠮᠳᠠᠵᠤ ᠠᠭᠤᠷᠯᠠᠬᠤ ᠠᠴᠠ ᠬᠢᠴᠢᠶᠡᠨ᠂ ᠤᠳᠠᠭᠠᠨ ᠴᠢᠨᠠᠷᠲᠠᠢ ᠭᠠᠩᠰᠠᠷᠠᠯ ᠪᠤᠶᠤ ᠬᠡᠲᠦᠷᠬᠡᠢ ᠪᠠᠴᠢᠮᠳᠠᠯ ᠠᠴᠠ ᠪᠣᠯᠤᠭᠰᠠᠨ ᠲᠢᠲᠢᠮᠯᠢᠭ ᠯᠤᠭᠰᠢᠭᠤᠨ ᠰᠤᠳᠠᠯ ᠵᠠᠩᠬᠢᠷᠠᠬᠤ ᠶᠢ ᠪᠠᠭᠠᠰᠬᠠᠨ᠎ᠠ᠃      4᠂ ᠦᠶ᠎ᠡ ᠭᠡᠰᠢᠭᠦᠨ ᠤ ᠦᠷᠪᠢᠰᠦᠯ ᠢ ᠰᠡᠷᠭᠡᠶᠢᠯᠡᠬᠦ ᠪᠠ ᠡᠮᠨᠡᠨ ᠵᠠᠰᠠᠬᠤ᠄ ᠦᠶ᠎ᠡ ᠭᠡᠰᠢᠭᠦᠨ ᠤ ᠦᠷᠪᠢᠰᠦᠯ ᠢ ᠰᠡᠷᠭᠡᠶᠢᠯᠡᠬᠦ ᠳᠤ ᠦᠨᠢᠶᠡᠨ ᠰᠦ᠂ ᠥᠨᠳᠡᠭᠡ᠂ ᠪᠤᠷᠴᠠᠭ ᠤᠨ ᠪᠦᠲᠦᠭᠡᠭᠳᠡᠬᠦᠨ ᠢᠶᠠᠷ ᠳᠠᠮᠵᠢᠨ ᠺᠠᠯᠼ ᠤᠨ ᠡᠯᠧᠮᠧᠨ᠋ᠲ ᠢ ᠨᠥᠬᠦᠪᠥᠷᠢᠯᠡᠵᠦ ᠪᠣᠯᠤᠨ᠎ᠠ᠃ ᠡᠭᠦᠨ ᠤ ᠬᠠᠮᠲᠤ ᠸᠢᠲ᠋ᠠᠮᠢᠨ D ᠪᠣᠯᠤᠨ ᠡᠯ᠎ᠡ ᠵᠦᠢᠯ ᠤᠨ ᠬᠥᠮᠦᠨ ᠤ ᠪᠡᠶ᠎ᠡ ᠳᠤ ᠬᠡᠷᠡᠭᠰᠡᠬᠦ ᠡᠷᠦᠳᠡᠰᠦ ᠶᠢ ᠭᠦᠢᠴᠡᠳ ᠰᠢᠩᠭᠡᠭᠡᠨ ᠠᠪᠬᠤ ᠶᠢ ᠪᠠᠲᠤᠯᠠᠨ᠎ᠠ᠃ ᠬᠥᠳᠡᠯᠭᠡᠭᠡᠨ ᠤ ᠰᠣᠩᠭᠤᠯᠲᠠ ᠳᠡᠭᠡᠷ᠎ᠡ ᠠᠯᠬᠤᠬᠤ ᠵᠡᠷᠭᠡ ᠬᠦᠴᠢᠯᠲᠥ᠋ᠷᠥᠭᠴᠢᠲᠦ ᠬᠥᠳᠡᠯᠭᠡᠭᠡᠨ ᠬᠢᠵᠦ ᠪᠣᠯᠤᠨ᠎ᠠ᠃ ᠴᠠᠭ ᠠᠭᠤᠷ ᠤᠨ ᠬᠤᠪᠢᠷᠠᠯᠲᠠ ᠶᠢ ᠦᠨᠳᠦᠰᠦᠯᠡᠨ ᠬᠤᠪᠴᠠᠰᠤ ᠬᠤᠨᠠᠷ ᠢᠶᠠᠨ ᠦᠷᠭᠦᠯᠵᠢ ᠳᠡᠩᠴᠡᠭᠦᠯᠦᠨ᠂ ᠬᠦᠢᠲᠡᠨ ᠠᠴᠠ ᠰᠡᠷᠭᠡᠶᠢᠯᠡᠪᠡᠯ ᠵᠣᠬᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号