ᠳᠥᠷᠪᠡᠳᠦᠭᠡᠷ ᠤᠳᠠᠭᠠᠨ ᠤ ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ | ᠬᠠᠷᠢᠴᠠᠭ᠎ᠠ ᠶᠢᠨ ᠬᠡᠯᠡᠯᠴᠡᠭᠡᠷ ᠤᠨ ᠤᠳᠤᠷᠢᠳᠬᠤ ᠬᠥᠮᠦᠰ ᠤᠨ ᠬᠤᠷᠠᠯ 11 ᠳ᠋ᠦ᠋ᠭᠡᠷ ᠰᠠᠷ᠎ᠠ ᠶᠢᠨ 15 ᠤ ᠡᠳᠦᠷ | ᠬᠤᠷᠠᠯᠳᠤᠵᠤ᠂ ᠵᠡᠭᠦᠨ ᠡᠮᠦᠨᠡᠲᠦ ᠠᠽᠢᠶ᠎ᠠ ᠶᠢᠨ ᠬᠤᠯᠪᠣᠭᠠᠨ ᠤ ᠠᠷᠪᠠᠨ ᠤᠯᠤᠰ ᠵᠢᠴᠢ ᠳᠤᠮᠳᠠᠳᠤ ᠤᠯᠤᠰ᠂ ᠶᠠᠫᠣᠨ᠂ | ᠺᠣᠷᠢᠶᠠ᠂ ᠠᠦ᠋ᠰᠲᠷᠠᠯᠢᠶ᠎ᠠ᠂ ᠰᠢᠨ᠎ᠡ ᠽᠢᠯᠠᠨᠳ᠋ ᠵᠡᠷᠭᠡ 15 ᠤᠯᠤᠰ᠂ ᠣᠷᠣᠨ ᠪᠦᠰᠡ ᠶᠢᠨ ᠪᠦᠬᠦ ᠲᠠᠯ᠎ᠠ ᠶᠢᠨ ᠠᠵᠤ | ᠠᠬᠤᠶ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ︵RCEP︶ ᠲᠤ ᠵᠢᠩᠬᠢᠨᠢ ᠪᠠᠷ ᠭᠠᠷ ᠤᠨ ᠦᠰᠦᠭ | ᠵᠢᠷᠤᠭᠰᠠᠨ ᠨᠢ ᠪᠦᠬᠦ ᠪᠥᠮᠪᠥᠷᠴᠡᠭ ᠤᠨ ᠬᠡᠪᠴᠢᠶ᠎ᠡ ᠪᠠᠷ ᠬᠠᠮᠤᠭ ᠤᠨ ᠶᠡᠭᠡ ᠴᠢᠯᠥᠭᠡᠲᠦ ᠠᠷᠠᠯᠵᠢᠶᠠᠨ ᠤ ᠬᠡᠯᠡᠯᠴᠡᠭᠡᠷ | ᠵᠢᠩᠬᠢᠨᠢ ᠪᠠᠷ ᠲᠣᠭᠲᠠᠭᠰᠠᠨ ᠢ ᠬᠠᠷᠠᠭᠤᠯᠵᠤ ᠪᠠᠶᠢᠨ᠎ᠠ᠃ RCEP ᠲᠤ ᠭᠠᠷ ᠤᠨ ᠦᠰᠦᠭ ᠵᠢᠷᠤᠭᠰᠠᠨ ᠨᠢ ᠭᠠᠵᠠᠷ | ᠣᠷᠣᠨ ᠤ ᠤᠯᠤᠰ ᠤᠳ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠬᠠᠮᠠᠭᠠᠯᠠᠵᠤ᠂ | ᠨᠡᠭᠡᠭᠡᠯᠲᠡᠲᠦ ᠬᠡᠯᠪᠡᠷᠢ ᠶᠢᠨ ᠳᠡᠯᠡᠬᠡᠶ ᠶᠢᠨ ᠠᠵᠤ ᠠᠬᠤᠶ ᠶᠢ ᠪᠦᠳᠦᠭᠡᠨ ᠪᠠᠶᠢᠭᠤᠯᠬᠤ ᠴᠢᠬᠤᠯᠠ ᠨᠢᠭᠡ ᠠᠯᠬᠤᠮ ᠮᠥᠨ᠂ | ᠲᠡᠷᠡ ᠨᠢ ᠣᠷᠣᠨ ᠪᠦᠰᠡ ᠶᠢᠨ ᠠᠵᠤ ᠠᠬᠤᠶ ᠶᠢᠨ ᠨᠢᠭᠡ ᠴᠤᠭᠴᠠᠵᠢᠯᠲᠠ ᠶᠢ ᠭᠦᠨᠵᠡᠭᠡᠶᠢᠷᠡᠭᠦᠯᠬᠦ᠂ ᠪᠦᠬᠦ | ᠪᠥᠮᠪᠥᠷᠴᠡᠭ ᠤᠨ ᠠᠵᠤ ᠠᠬᠤᠶ ᠶᠢ ᠲᠣᠭᠲᠠᠪᠤᠷᠢᠵᠢᠭᠤᠯᠬᠤ ᠳᠤ ᠪᠡᠯᠭᠡ ᠲᠡᠮᠳᠡᠭ ᠤᠨ ᠴᠢᠨᠠᠷᠲᠠᠶ ᠠᠴᠢ | ᠬᠤᠯᠪᠣᠭᠳᠠᠯ ᠲᠠᠢ ᠶᠤᠮ᠃ | | | ᠬᠡᠯᠡᠯᠴᠡᠭᠡᠷ ᠨᠢ 8 ᠵᠢᠯ ᠦᠷᠭᠦᠯᠵᠢᠯᠡᠪᠡ | ᠬᠡᠯᠡᠯᠴᠡᠭᠡᠷ ᠢ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ 10 ᠤᠯᠤᠰ ᠠᠴᠠ | ᠰᠠᠨᠠᠭᠠᠴᠢᠯᠠᠵᠤ᠂ ᠳᠤᠮᠳᠠᠳᠤ ᠤᠯᠤᠰ᠂ ᠶᠠᠫᠣᠨ᠂ ᠺᠣᠷᠢᠶᠠ᠂ ᠠᠦ᠋ᠰᠲᠷᠠᠯᠢᠶ᠎ᠠ᠂ ᠰᠢᠨ᠎ᠡ ᠽᠢᠯᠠᠨᠳ᠋᠂ ᠡᠨᠡᠳᠬᠡᠭ ᠵᠡᠷᠭᠡ | 6 ᠶᠠᠷᠢᠯᠴᠠᠭᠠᠨ ᠤ ᠬᠠᠨᠢᠲᠠᠨ ᠤᠯᠤᠰ ᠢ ᠣᠷᠣᠯᠴᠠᠭᠤᠯᠬᠤ ᠪᠠᠷ ᠤᠷᠢᠵᠤ᠂ ᠪᠣᠭᠤᠮᠲᠠ ᠶᠢᠨ ᠭᠠᠶᠢᠯᠢ ᠵᠢᠴᠢ | ᠪᠣᠭᠤᠮᠲᠠ ᠶᠢᠨ ᠭᠠᠶᠢᠯᠢ ᠶᠢᠨ ᠪᠤᠰᠤ ᠬᠤᠷᠢᠭ᠎ᠠ ᠶᠢ ᠪᠠᠭᠠᠰᠬᠠᠵᠦ᠂ 16 ᠤᠯᠤᠰ ᠤᠨ ᠨᠢᠭᠡᠳᠦᠯᠲᠡᠶ ᠵᠠᠬ᠎ᠠ | ᠳᠡᠯᠭᠡᠭᠦᠷ ᠤᠨ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠢ ᠪᠠᠶᠢᠭᠤᠯᠬᠤ ᠪᠠᠷ ᠵᠣᠷᠢᠯᠭ᠎ᠠ ᠪᠠᠨ ᠪᠣᠯᠭᠠᠪᠠ᠃ | ᠬᠡᠯᠡᠯᠴᠡᠭᠡᠷ ᠨᠢ 2012 ᠣᠨ ᠤ 11 ᠳ᠋ᠦ᠋ᠭᠡᠷ ᠰᠠᠷ᠎ᠠ ᠳᠤ ᠵᠢᠩᠬᠢᠨᠢ ᠪᠠᠷ ᠡᠬᠢᠯᠡᠵᠦ᠂ ᠳᠤᠮᠳᠠ ᠵᠢᠵᠢᠭ ᠠᠵᠤ | ᠠᠬᠤᠶᠢᠯᠠᠯ᠂ ᠪᠡᠯᠡ ᠣᠷᠤᠭᠤᠯᠤᠯᠲᠠ᠂ ᠠᠵᠤ ᠠᠬᠤᠶ ᠮᠡᠷᠭᠡᠵᠢᠯ ᠤᠨ ᠬᠠᠮᠲᠤᠷᠠᠯᠴᠠᠭ᠎ᠠ᠂ ᠡᠳ᠋ ᠪᠠᠷᠠᠭ᠎ᠠ ᠪᠣᠯᠣᠨ | ᠦᠢᠯᠡᠴᠢᠯᠡᠭᠡᠨ ᠤ ᠠᠷᠠᠯᠵᠢᠶ᠎ᠠ ᠵᠡᠷᠭᠡ 10 ᠰᠢᠬᠠᠮ ᠬᠦᠷᠢᠶ᠎ᠡ ᠴᠠᠷᠠᠭᠠᠨ ᠳᠤ ᠬᠤᠯᠪᠣᠭᠳᠠᠵᠠᠢ᠃ 2019 ᠣᠨ ᠤ 11 | ᠳ᠋ᠦ᠋ᠭᠡᠷ ᠰᠠᠷ᠎ᠠ ᠶᠢᠨ 4 ᠤ ᠡᠳᠦᠷ᠂ ᠭᠤᠷᠪᠠᠳᠤᠭᠠᠷ ᠤᠳᠠᠭᠠᠨ ᠤ ︽ᠣᠷᠣᠨ ᠪᠦᠰᠡ ᠶᠢᠨ ᠪᠦᠬᠦ ᠲᠠᠯ᠎ᠠ ᠶᠢᠨ ᠠᠵᠤ | ᠠᠬᠤᠶ ᠶᠢᠨ ᠬᠠᠨᠢᠲᠠᠨ ᠤ ᠬᠠᠷᠢᠴᠠᠭᠠᠨ ᠤ ᠬᠡᠯᠡᠯᠴᠡᠭᠡᠷ︾ ᠤᠨ ᠤᠳᠤᠷᠢᠳᠬᠤ ᠬᠥᠮᠦᠰ ᠤᠨ ᠬᠤᠷᠠᠯ ᠠᠴᠠ | ᠬᠠᠮᠲᠤᠷᠠᠭᠰᠠᠨ ᠢᠯᠡᠷᠬᠡᠶᠢᠯᠡᠯᠲᠡ ᠨᠡᠶᠢᠲᠡᠯᠡᠵᠦ᠂ 15 ᠪᠦᠷᠢᠯᠳᠦᠬᠦᠨ ᠤᠯᠤᠰ ᠪᠦᠬᠦ ᠲᠣᠪᠬᠢᠮᠠᠯ ᠤᠨ ᠬᠡᠯᠡᠯᠴᠡᠭᠡ ᠵᠢᠴᠢ | ᠮᠥᠨ ᠴᠢᠨᠠᠷ ᠳᠡᠭᠡᠷᠡᠬᠢ ᠪᠤᠶ ᠪᠦᠬᠦᠢ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠬᠡᠯᠡᠯᠴᠡᠭᠡ ᠪᠠᠨ ᠳᠠᠭᠤᠰᠬᠠᠵᠤ᠂ | ᠬᠠᠤᠯᠢ ᠴᠠᠭᠠᠵᠠ ᠶᠢᠨ ᠪᠢᠴᠢᠭ ᠮᠠᠲ᠋ᠧᠷᠢᠶᠠᠯ ᠢ ᠬᠢᠨᠠᠨ ᠬᠠᠷᠭᠤᠭᠤᠯᠬᠤ ᠠᠵᠢᠯ ᠢᠶᠠᠨ ᠡᠬᠢᠯᠡᠭᠦᠯᠪᠡ᠂ ᠡᠨᠡᠳᠬᠡᠭ ︽ | ᠴᠢᠬᠤᠯᠠ ᠠᠰᠠᠭᠤᠳᠠᠯ ᠬᠠᠷᠠᠬᠠᠨ ᠰᠢᠢᠳᠪᠦᠷᠢᠯᠡᠭᠳᠡᠭᠡ ᠥᠬᠡᠶ︾ ᠭᠡᠳ ᠲᠦᠷ ᠴᠠᠭ ᠬᠡᠯᠡᠯᠴᠡᠭᠡᠷ ᠲᠤ ᠤᠷᠤᠭᠰᠠᠨ | ᠥᠬᠡᠶ᠃ | ᠬᠡᠪᠴᠢᠶ᠎ᠡ ᠨᠢ ᠪᠦᠬᠦ ᠳᠡᠯᠡᠬᠡᠢ ᠳᠤ ᠬᠠᠮᠤᠭ ᠶᠡᠭᠡ | 2018 ᠣᠨ ᠪᠣᠯᠲᠠᠯᠠᠬᠢ ᠪᠦᠷᠢᠳᠬᠡᠯ ᠤᠨ ᠲᠤᠭ᠎ᠠ ᠪᠠᠷᠢᠮᠲᠠ ᠠᠴᠠ ᠦᠵᠡᠪᠡᠯ᠂ ᠬᠡᠯᠡᠯᠴᠡᠭᠡᠷ ᠤᠨ 15 | ᠪᠦᠷᠢᠯᠳᠦᠬᠦᠨ ᠤᠯᠤᠰ ᠨᠢ ᠪᠦᠬᠦ ᠪᠥᠮᠪᠥᠷᠴᠡᠭ ᠤᠨ ᠪᠠᠷᠤᠭ 23 ᠳ᠋ᠦᠩᠰᠢᠭᠤᠷ ᠬᠥᠮᠦᠨ ᠠᠮᠠ ᠶᠢ ᠬᠠᠮᠤᠷᠴᠤ᠂ ᠪᠦᠬᠦ | ᠪᠥᠮᠪᠥᠷᠴᠡᠭ ᠤᠨ ᠬᠥᠮᠦᠨ ᠠᠮᠠ ᠶᠢᠨ 30% ᠶᠢ ᠡᠵᠡᠯᠡᠵᠡᠢ︔ GDP ᠶᠢᠨ ᠨᠡᠶᠢᠯᠡᠪᠦᠷᠢ ᠨᠢ 25 ᠲᠦᠮᠡᠨ | ᠳ᠋ᠦᠩᠰᠢᠭᠤᠷ ᠳ᠋ᠣᠯᠯᠠᠷ ᠢ ᠳᠠᠪᠠᠵᠤ᠂ ᠪᠠᠭᠲᠠᠵᠤ ᠪᠠᠶᠢᠭ᠎ᠠ ᠣᠷᠣᠨ ᠪᠦᠰᠡ ᠨᠢ ᠳᠡᠯᠡᠬᠡᠢ ᠶᠢᠨ ᠬᠠᠮᠤᠭ ᠤᠨ ᠶᠡᠭᠡ | ᠴᠢᠯᠥᠭᠡᠲᠦ ᠠᠷᠠᠯᠵᠢᠶᠠᠨ ᠤ ᠣᠷᠣᠨ ᠪᠣᠯᠣᠭᠰᠠᠨ ᠪᠠᠶᠢᠨ᠎ᠠ᠃ | ᠣᠯᠠᠨ ᠵᠦᠢᠯ ᠤᠨ ᠰᠢᠨ᠎ᠡ ᠠᠷᠠᠯᠵᠢᠶᠠᠨ ᠤ ᠬᠡᠯᠪᠡᠷᠢ ᠶᠢ ᠣᠷᠤᠭᠤᠯᠪᠠ | ᠬᠡᠯᠡᠯᠴᠡᠭᠡᠷ ᠨᠢ ᠪᠦᠬᠦ ᠪᠥᠮᠪᠥᠷᠴᠡᠭ ᠤᠨ ᠠᠷᠠᠯᠵᠢᠶᠠᠨ ᠤ ᠬᠥᠭᠵᠢᠯᠲᠡ ᠶᠢᠨ ᠬᠠᠨᠳᠤᠰᠢ ᠶᠢ ᠴᠢᠩᠭ᠎ᠠ ᠮᠥᠷᠳᠡᠵᠦ᠂ | ᠮᠠᠰᠢ ᠣᠯᠠᠨ ᠰᠢᠨ᠎ᠡ ᠠᠷᠠᠯᠵᠢᠶᠠᠨ ᠤ ᠬᠡᠯᠪᠡᠷᠢ ᠶᠢ ᠣᠷᠤᠭᠤᠯᠵᠠᠢ᠂ ᠡᠯᠧᠺᠲᠷᠣᠨ ᠬᠤᠳᠠᠯᠳᠤᠭᠠᠨ ᠤ ᠶᠠᠪᠤᠳᠠᠯ ᠪᠣᠯ | ᠳᠠᠷᠤᠶ ᠲᠡᠭᠦᠨ ᠤ ᠳᠣᠲᠣᠷᠠᠬᠢ ᠨᠢᠭᠡ ᠨᠢ ᠪᠣᠯᠤᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠠᠴᠠ ᠭᠠᠳᠠᠨ᠎ᠠ᠂ | ᠬᠡᠯᠡᠯᠴᠡᠭᠡᠷ ᠲᠤ ᠪᠠᠰᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠥᠷᠢᠰᠥᠯᠳᠦᠭᠡᠨ ᠤ ᠲᠦᠷᠦ ᠶᠢᠨ | ᠪᠣᠳᠣᠯᠭ᠎ᠠ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠳᠤᠮᠳᠠ ᠵᠢᠵᠢᠭ ᠠᠵᠤ ᠠᠬᠤᠶᠢᠯᠠᠯ ᠵᠡᠷᠭᠡ | ᠠᠭᠤᠯᠭ᠎ᠠ ᠶᠢ ᠪᠠᠭᠲᠠᠭᠠᠵᠤ᠂ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠲᠣᠭᠲᠠᠭᠠᠭᠰᠠᠨ | ᠬᠡᠪᠴᠢᠶᠡᠨ ᠠᠴᠠ ᠳᠠᠪᠠᠵᠠᠶ᠃ |