ᠰᠢᠨᠬᠤᠸᠠ ᠬᠤᠷᠢᠶᠠᠨ ᠤ ᠪᠡᠭᠡᠵᠢᠩ ᠤᠨ 11 ᠳ᠋ᠦ᠋ᠭᠡᠷ ᠰᠠᠷ᠎ᠠ ᠶᠢᠨ 15 ᠤ ᠡᠳᠦᠷ ᠤᠨ ᠴᠠᠬᠢᠯᠭᠠᠨ ᠮᠡᠳᠡᠭᠡ | | ᠰᠡᠳᠦᠪ᠄ ᠣᠷᠣᠨ ᠪᠦᠰᠡ ᠪᠠ ᠪᠦᠬᠦ ᠪᠥᠮᠪᠥᠷᠴᠡᠭ ᠤᠨ ᠠᠵᠤ ᠠᠬᠤᠢ ᠶᠢᠨ ᠨᠡᠮᠡᠭᠳᠡᠯ ᠳᠤ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠵᠡᠢ — ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ | ᠬᠠᠷᠢᠴᠠᠭ᠎ᠠ ᠶᠢᠨ ᠬᠡᠯᠡᠯᠴᠡᠭᠡᠷ ᠲᠤ ᠭᠠᠷ ᠤᠨ ᠦᠰᠦᠭ ᠵᠢᠷᠤᠭᠰᠠᠨ ᠲᠤᠬᠠᠢ ᠲᠠᠶᠢᠯᠤᠮᠵᠢ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠸᠠᠩ ᠵᠦᠸᠧ ᠯᠦᠨ ᠢᠦᠢ ᠵᠢᠶᠠ ᠰᠢᠨ ᠵᠧᠩ ᠮᠢᠩ ᠳ᠋ᠡ | | 11 ᠳ᠋ᠦ᠋ᠭᠡᠷ ᠰᠠᠷ᠎ᠠ ᠶᠢᠨ 15 ᠤ ᠡᠳᠦᠷ᠂ ᠣᠷᠣᠨ ᠪᠦᠰᠡ ᠶᠢᠨ ᠪᠥᠬᠦ ᠲᠠᠯ᠎ᠠ ᠶᠢᠨ ᠠᠵᠤ ᠠᠬᠤᠶ ᠶᠢᠨ | ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ︵RCEP︶ ᠲᠣᠭᠲᠠᠪᠠ᠃ 8 ᠵᠢᠯ ᠤᠨ ᠬᠡᠯᠡᠯᠴᠡᠭᠡ ᠪᠠᠷ ᠳᠠᠮᠵᠢᠨ᠂ | ᠪᠦᠬᠦ ᠪᠥᠮᠪᠥᠷᠴᠡᠭ ᠤᠨ ᠬᠠᠮᠤᠭ ᠤᠨ ᠶᠡᠭᠡ ᠴᠢᠯᠦᠭᠡᠲᠦ ᠠᠷᠠᠯᠵᠢᠶᠠᠨ ᠤ ᠣᠷᠣᠨ ᠡᠴᠦᠰ ᠲᠤ ᠪᠠᠨ ᠮᠡᠨᠳᠦᠯᠡᠭᠰᠡᠨ ᠢᠶᠠᠨ | ᠲᠤᠩᠬᠠᠭᠯᠠᠵᠤ᠂ ᠵᠢᠩᠬᠢᠨᠢ ᠪᠠᠷ ᠠᠶᠠᠯᠠᠯ ᠢᠶᠠᠨ ᠡᠬᠢᠯᠡᠭᠦᠯᠪᠡ᠃ | ᠬᠠᠮᠤᠷᠬᠤ ᠬᠥᠮᠦᠨ ᠠᠮᠠ ᠶᠢᠨ ᠲᠤᠭ᠎ᠠ ᠬᠠᠮᠤᠭ ᠤᠨ ᠣᠯᠠᠨ᠂ ᠪᠦᠷᠢᠯᠳᠦᠬᠦᠨ ᠤ ᠪᠦᠲᠦᠴᠡ ᠬᠠᠮᠤᠭ ᠤᠨ | ᠣᠯᠠᠨ ᠡᠰᠢᠵᠢᠭᠰᠡᠨ᠂ ᠬᠥᠭᠵᠢᠯᠲᠡ ᠶᠢᠨ ᠳᠠᠯᠳᠠ ᠬᠦᠴᠦᠨ ᠢᠶᠠᠷ ᠬᠠᠮᠤᠭ ᠤᠨ ᠶᠡᠭᠡ ᠁ RCEP ᠲᠤ | ᠭᠠᠷ ᠤᠨ ᠦᠰᠦᠭ ᠵᠢᠷᠤᠭᠰᠠᠨ ᠨᠢ᠂ ᠭᠠᠵᠠᠷ ᠣᠷᠣᠨ᠂ ᠳᠡᠯᠡᠬᠡᠢ᠂ ᠳᠤᠮᠳᠠᠳᠤ ᠤᠯᠤᠰ ᠲᠤ ᠶᠠᠮᠠᠷ ᠴᠢᠬᠤᠯᠠ ᠶᠡᠭᠡ | ᠠᠴᠢ ᠬᠤᠯᠪᠣᠭᠳᠠᠯ ᠲᠠᠢ ᠪᠤᠢ︖ | | ᠣᠯᠠᠨ ᠲᠠᠯᠠᠲᠤ ᠦᠵᠡᠯ ᠪᠠ ᠴᠢᠯᠥᠭᠡᠲᠦ ᠠᠷᠠᠯᠵᠢᠶᠠᠨ ᠤ ᠢᠯᠠᠯᠲᠠ | ᠡᠨᠡ ᠤᠳᠠᠭ᠎ᠠ RCEP ᠲᠤ ᠭᠠᠷ ᠤᠨ ᠦᠰᠦᠭ ᠵᠢᠷᠤᠭᠰᠠᠨ ᠪᠦᠷᠢᠯᠳᠦᠬᠦᠨ ᠤᠯᠤᠰ ᠨᠡᠶᠢᠲᠡ 15 ᠪᠣᠢ᠂ | ᠵᠡᠭᠦᠨ ᠡᠮᠦᠨᠡᠲᠦ ᠠᠽᠢᠶ᠎ᠠ ᠶᠢᠨ ᠬᠤᠯᠪᠣᠭᠠᠨ ᠤ 10 ᠤᠯᠤᠰ ᠪᠣᠯᠤᠨ ᠳᠤᠮᠳᠠᠳᠤ ᠤᠯᠤᠰ᠂ ᠶᠠᠫᠣᠨ᠂ ᠺᠣᠷᠢᠶᠠ᠂ | ᠠᠦ᠋ᠰᠲᠷᠠᠯᠢᠶ᠎ᠠ᠂ ᠰᠢᠨ᠎ᠡ ᠽᠢᠯᠠᠨᠳ᠋ ᠵᠡᠷᠭᠡ ᠤᠯᠤᠰ ᠢ ᠪᠠᠭᠲᠠᠭᠠᠵᠠᠢ᠂ ᠪᠦᠬᠦ ᠬᠥᠮᠦᠨ ᠠᠮᠠ 22.7 ᠳ᠋ᠦᠩᠰᠢᠭᠤᠷ ᠲᠤ | ᠬᠦᠷᠴᠦ᠂ GDP ᠨᠢ 26 ᠲᠦᠮᠡᠨ ᠳ᠋ᠦᠩᠰᠢᠭᠤᠷ ᠳ᠋ᠣᠯᠯᠠᠷ ᠲᠤ ᠬᠦᠷᠴᠦ᠂ ᠭᠠᠳᠠᠭᠠᠳᠤ ᠭᠠᠷᠭᠠᠯᠲᠠ ᠶᠢᠨ | ᠶᠡᠷᠦᠩᠬᠡᠢ ᠵᠣᠭᠤᠰ ᠤᠨ ᠲᠤᠭ᠎ᠠ 5.2 ᠲᠦᠮᠡᠨ ᠳ᠋ᠦᠩᠰᠢᠭᠤᠷ ᠳ᠋ᠣᠯᠯᠠᠷ ᠲᠤ ᠬᠦᠷᠴᠦ᠂ ᠴᠥᠮ ᠪᠦᠬᠦ ᠪᠥᠮᠪᠥᠷᠴᠡᠭ ᠤᠨ | ᠶᠡᠷᠦᠩᠬᠡᠶ ᠬᠡᠮᠵᠢᠶᠡᠨ ᠤ ᠪᠠᠷᠤᠭ 30% ᠶᠢ ᠡᠵᠡᠯᠡᠵᠡᠢ᠃ RCEP ᠴᠢᠯᠥᠭᠡᠲᠦ ᠠᠷᠠᠯᠵᠢᠶᠠᠨ ᠤ ᠣᠷᠣᠨ | ᠪᠠᠶᠢᠭᠤᠯᠤᠭᠳᠠᠭᠰᠠᠨ ᠨᠢ ᠪᠦᠬᠦ ᠪᠥᠮᠪᠥᠷᠴᠡᠭ ᠤᠨ ᠪᠠᠷᠤᠭ ᠭᠤᠷᠪᠠᠨ ᠤ ᠨᠢᠭᠡ ᠬᠤᠪᠢ ᠶᠢᠨ ᠠᠵᠤ ᠠᠬᠤᠢ ᠶᠢᠨ | ᠪᠠᠭᠲᠠᠭᠠᠮᠵᠢ ᠨᠢᠭᠡ ᠴᠣᠭᠴᠠᠵᠢᠭᠰᠠᠨ ᠲᠣᠮᠣ ᠵᠠᠬ᠎ᠠ ᠳᠡᠯᠭᠡᠭᠦᠷ ᠪᠣᠯᠵᠤ ᠪᠦᠷᠢᠯᠳᠦᠭᠰᠡᠨ ᠢ ᠬᠠᠷᠠᠭᠤᠯᠵᠤ ᠪᠠᠶᠢᠨ᠎ᠠ᠃ | | ᠡᠶᠢᠮᠦᠷᠬᠦᠤ ᠲᠣᠮᠣ ᠵᠠᠬ᠎ᠠ ᠳᠡᠯᠭᠡᠭᠦᠷ ᠬᠢᠯᠪᠠᠷ ᠪᠤᠰᠤ ᠪᠠᠷ ᠢᠷᠡᠭᠰᠡᠨ ᠶᠤᠮ — RCEP ᠢ ᠵᠡᠭᠦᠨ | ᠡᠮᠦᠨᠡᠲᠦ ᠠᠽᠢᠶ᠎ᠠ ᠶᠢᠨ ᠬᠤᠯᠪᠣᠭ᠎ᠠ 2012 ᠣᠨ ᠳᠤ ᠡᠭᠦᠰᠬᠡᠵᠦ᠂ 8 ᠵᠢᠯ ᠤᠨ ᠬᠤᠭᠤᠴᠠᠭᠠᠨ ᠳᠤ 31 | ᠡᠭᠡᠯᠵᠢ ᠶᠢᠨ ᠵᠢᠩᠬᠢᠨᠢ ᠬᠡᠯᠡᠯᠴᠡᠭᠡ ᠪᠠᠷ ᠳᠠᠮᠵᠢᠨ᠂ ᠢᠯᠠᠩᠭᠤᠶ᠎ᠠ ᠡᠨᠡ ᠵᠢᠯ ᠠᠴᠠ ᠨᠠᠭᠠᠰᠢ᠂ ᠡᠯ᠎ᠡ ᠪᠦᠷᠢᠯᠳᠦᠬᠦᠨ | ᠤᠯᠤᠰ ᠰᠢᠨ᠎ᠡ ᠲᠢᠲᠢᠮᠯᠡᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠠᠴᠠ ᠪᠣᠯᠤᠭᠰᠠᠨ ᠯᠤᠲᠤ ᠶᠡᠭᠡ | ᠬᠦᠴᠢᠷᠳᠡᠯ ᠢ ᠢᠯᠠᠨ ᠳᠠᠪᠠᠵᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠬᠡᠯᠡᠯᠴᠡᠭᠡ ᠶᠢ ᠪᠦᠬᠦ ᠲᠠᠯ᠎ᠠ ᠪᠠᠷ | ᠪᠡᠶᠡᠯᠡᠭᠦᠯᠦᠭᠰᠡᠨ ᠪᠦᠭᠡᠳ 1.4 ᠲᠦᠮᠡ ᠭᠠᠷᠤᠶ ᠬᠠᠭᠤᠳᠠᠰᠤ ᠪᠢᠴᠢᠭ ᠮᠠᠲ᠋ᠧᠷᠢᠶᠠᠯ ᠢ ᠬᠠᠤᠯᠢ ᠴᠠᠭᠠᠵᠠ ᠪᠠᠷ ᠬᠢᠨᠠᠨ | ᠬᠠᠷᠭᠤᠭᠤᠯᠬᠤ ᠠᠵᠢᠯ ᠢ ᠪᠡᠶᠡᠯᠡᠭᠦᠯᠵᠦ᠂ ᠡᠴᠦᠰ ᠲᠤ ᠪᠠᠨ ᠳᠥᠷᠪᠡᠳᠦᠭᠡᠷ ᠤᠳᠠᠭᠠᠨ ᠤ ᠤᠳᠤᠷᠢᠳᠬᠤ ᠬᠥᠮᠦᠰ ᠤᠨ | ᠬᠤᠷᠠᠯᠳᠤᠭᠠᠨ ᠤ ᠬᠤᠭᠤᠴᠠᠭᠠᠨ ᠳᠤ ᠲᠣᠭᠲᠠᠭᠰᠠᠨ ᠴᠠᠭ ᠶᠣᠰᠣᠭᠠᠷ ᠬᠡᠯᠡᠯᠴᠡᠭᠡᠷ ᠲᠤ ᠭᠠᠷ ᠤᠨ ᠦᠰᠦᠭ ᠵᠢᠷᠤᠭᠰᠠᠨ | ᠶᠠᠪᠤᠳᠠᠯ ᠨᠢ ᠵᠡᠭᠦᠨ ᠠᠽᠢᠶ᠎ᠠ ᠶᠢᠨ ᠠᠵᠤ ᠠᠬᠤᠶ ᠶᠢᠨ ᠨᠢᠭᠡ ᠴᠣᠭᠴᠠᠵᠢᠭᠰᠠᠨ ᠪᠦᠲᠦᠭᠡᠨ ᠪᠠᠶᠢᠭᠤᠯᠤᠯᠲᠠ ᠶᠢᠨ 20 | ᠰᠢᠬᠠᠮ ᠵᠢᠯ ᠤᠨ ᠲᠤᠷᠰᠢᠬᠢ ᠬᠠᠮᠤᠭ ᠤᠨ ᠴᠢᠬᠤᠯᠠ ᠦᠷ᠎ᠡ ᠪᠦᠲᠦᠭᠡᠯ ᠪᠣᠯᠤᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ RCEP ᠨᠢ 15 ᠪᠦᠷᠢᠯᠳᠦᠬᠦᠨ ᠤᠯᠤᠰ ᠴᠥᠮ ᠪᠣᠭᠤᠮᠲᠠ ᠶᠢᠨ ᠭᠠᠶᠢᠯᠢ ᠶᠢ | ᠪᠠᠭᠤᠷᠠᠭᠤᠯᠬᠤ᠂ ᠵᠠᠬ᠎ᠠ ᠳᠡᠯᠭᠡᠭᠦᠷ ᠢ ᠨᠡᠭᠡᠭᠡᠬᠦ᠂ ᠪᠠᠷᠢᠮᠵᠢᠶᠠᠲᠤ ᠬᠤᠷᠢᠭ᠎ᠠ ᠶᠢ ᠪᠠᠭᠠᠰᠬᠠᠬᠤ ᠪᠠᠷ ᠠᠮᠠᠯᠳᠠᠬᠤ ᠶᠢ | ᠱᠠᠭᠠᠷᠳᠠᠪᠠ᠃ ᠺᠣᠷᠢᠶᠠ ᠶᠢᠨ ᠵᠠᠭᠤᠴᠢᠯᠠᠭᠤᠷ ᠤᠨ ᠵᠢᠱᠢᠭᠰᠡᠨ ᠢᠶᠠᠷ᠂ RCEP ᠬᠦᠴᠦᠨ ᠲᠠᠢ ᠪᠣᠯᠤᠭᠰᠠᠨ ᠤ | ᠳᠠᠷᠠᠭ᠎ᠠ᠂ ᠺᠣᠷᠢᠶᠠ ᠶᠢᠨ ᠢᠨᠳᠣᠨᠧᠰᠢᠶ᠎ᠠ ᠳᠤ ᠭᠠᠷᠭᠠᠬᠤ ᠮᠠᠰᠢᠨ ᠲᠡᠷᠭᠡᠨ ᠤ ᠰᠡᠯᠪᠢᠭ ᠲᠣᠨᠤᠭ ᠤᠨ ᠪᠣᠭᠤᠮᠲᠠ ᠶᠢᠨ | ᠭᠠᠶᠢᠯᠢ ᠨᠢ ᠣᠳᠣᠬᠠᠨ ᠤ 40% ᠠᠴᠠ ᠳᠣᠷᠣᠭᠰᠢᠯᠠᠭᠠᠳ ᠲᠡᠭ ᠪᠣᠯᠬᠤ ᠪᠣᠯᠤᠮᠵᠢ ᠲᠠᠢ ᠪᠠᠶᠢᠨ᠎ᠠ᠃ | | ᠳᠤᠮᠳᠠᠳᠤ ᠤᠯᠤᠰ ᠤᠨ ᠤᠯᠠᠨ ᠤᠯᠤᠰ ᠤᠨ ᠠᠰᠠᠭᠤᠳᠠᠯ ᠤᠨ ᠰᠤᠳᠤᠯᠭᠠᠨ ᠤ ᠬᠦᠷᠢᠶᠡᠯᠡᠩ ᠤᠨ | ᠪᠠᠶᠢᠩᠭᠤ ᠶᠢᠨ ᠳᠡᠳ᠋ ᠳᠠᠷᠤᠭ᠎ᠠ ᠷᠤᠸᠠᠨ ᠽᠦᠩ ᠽᠧ ᠡᠨᠡ ᠬᠦ ᠬᠡᠯᠡᠯᠴᠡᠭᠡᠷ ᠲᠤ ᠭᠠᠷ ᠤᠨ ᠦᠰᠦᠭ ᠵᠢᠷᠤᠭᠰᠠᠨ | ᠶᠠᠪᠤᠳᠠᠯ ᠢ ︽ᠵᠠᠩᠭᠢᠯᠠᠭ᠎ᠠ ᠴᠢᠨᠠᠷᠲᠠᠢ ᠮᠥᠷᠲᠡᠭᠡᠨ ᠴᠠᠭ ᠲᠤ ᠪᠠᠨ ᠶᠠᠪᠤᠭᠳᠠᠪᠠ︾ ᠭᠡᠵᠦ ᠳᠦᠷᠰᠦᠯᠡᠪᠡ᠃ ︽ | ᠬᠢᠵᠢᠭ ᠤᠨ ᠪᠠᠶᠢᠳᠠᠯ ᠰᠠᠮᠠᠭᠤᠷᠠᠵᠤ᠂ ᠳᠡᠯᠡᠬᠡᠶ ᠶᠢᠨ ᠠᠵᠤ ᠠᠬᠤᠶ ᠬᠦᠨᠳᠦ ᠨᠣᠴᠢᠲᠠᠶ ᠮᠠᠭᠤᠳᠠᠨ᠂ ᠣᠯᠠᠨ | ᠤᠯᠤᠰ ᠤᠨ ᠠᠷᠠᠯᠵᠢᠶᠠᠨ ᠤ ᠪᠡᠯᠡ ᠣᠷᠣᠭᠤᠯᠤᠯᠲᠠ ᠪᠠᠭᠠᠰᠴᠤ᠂ ᠬᠠᠮᠠᠭᠠᠯᠠᠬᠤ ᠦᠵᠡᠯ ᠭᠠᠭᠴᠠ ᠲᠠᠯᠠᠲᠤ ᠦᠵᠡᠯ | ᠰᠢᠷᠦᠭᠦᠰᠴᠦ ᠪᠠᠶᠢᠭ᠎ᠠ ᠣᠨᠴᠠᠭᠠᠢ ᠠᠬᠤᠶ ᠪᠠᠶᠢᠳᠠᠯ ᠳᠣᠤᠷ᠎ᠠ᠂ ᠡᠯ᠎ᠡ ᠲᠠᠯ᠎ᠠ ᠶᠢᠨ ᠬᠢᠨ RCEP ᠶᠢᠨ ᠲᠤᠬᠠᠶ | ᠬᠠᠮᠲᠤ ᠶᠢᠨ ᠲᠠᠨᠢᠯᠲᠠ ᠲᠠᠢ ᠪᠣᠯᠵᠤ᠂ ᠣᠯᠠᠨ ᠲᠠᠯᠠᠲᠤ ᠦᠵᠡᠯ ᠪᠠ ᠴᠢᠯᠥᠭᠡᠲᠦ ᠠᠷᠠᠯᠵᠢᠶᠠᠨ ᠤ ᠢᠯᠠᠯᠲᠠ ᠶᠢ | ᠲᠤᠩᠬᠠᠭᠯᠠᠵᠤ᠂ ᠡᠯ᠎ᠡ ᠲᠠᠯ᠎ᠠ ᠶᠢᠨ ᠬᠢᠨ ᠠᠵᠤ ᠠᠬᠤᠢ ᠶᠢᠨ ᠨᠡᠮᠡᠭᠳᠡᠯ ᠳᠤ ᠢᠲᠡᠭᠡᠯ ᠵᠣᠷᠢᠭ ᠢᠶᠠᠨ ᠬᠥᠪᠴᠢᠯᠡᠪᠡ︾ | ᠭᠡᠪᠡ᠃ | ᠵᠠᠳᠠᠯᠤᠭᠴᠢᠳ ᠵᠢᠭᠠᠵᠤ ᠭᠠᠷᠭᠠᠭᠰᠠᠨ ᠨᠢ᠂ RCEP ᠨᠢ ᠵᠡᠭᠦᠨ ᠠᠽᠢᠶ᠎ᠠ ᠶᠢᠨ ᠭᠠᠵᠠᠷ ᠣᠷᠣᠨ ᠤ ᠭᠤᠣᠯ | ᠪᠣᠯᠬᠤ ᠤᠯᠤᠰ ᠢ ᠬᠠᠮᠤᠷᠴᠤ᠂ ᠣᠷᠣᠨ ᠪᠦᠰᠡ ᠪᠣᠯᠤᠨ ᠪᠦᠬᠦ ᠪᠥᠮᠪᠥᠷᠴᠡᠭ ᠤᠨ ᠠᠵᠤ ᠠᠬᠤᠢ ᠶᠢᠨ ᠨᠡᠮᠡᠭᠳᠡᠯ ᠳᠤ | ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ ᠭᠡᠪᠡ᠃ ᠣᠯᠠᠨ ᠤᠯᠤᠰ ᠤᠨ ᠨᠠᠷᠠᠲᠤ ᠣᠶᠤᠨ ᠤ | ᠬᠥᠮᠥᠷᠭᠡ ᠶᠢᠨ ᠲᠥᠰᠦᠭᠡᠯᠡᠨ ᠪᠤᠳᠤᠭᠰᠠᠨ ᠢᠶᠠᠷ᠂ 2025 ᠣᠨ ᠪᠣᠯᠬᠤ ᠳᠤ᠂ RCEP ᠨᠢ ᠪᠦᠷᠢᠯᠳᠦᠬᠦᠨ | ᠤᠯᠤᠰ ᠤᠨ ᠢᠶᠠᠨ ᠭᠠᠳᠠᠭᠠᠳᠤ ᠭᠠᠷᠭᠠᠯᠲᠠ᠂ ᠭᠠᠳᠠᠭᠠᠳᠤ ᠪᠠᠯᠠ ᠣᠷᠣᠭᠤᠯᠤᠯᠲᠠ ᠶᠢᠨ ᠬᠠᠳᠠᠭᠠᠯᠠᠮᠵᠢ ᠶᠢᠨ ᠬᠡᠮᠵᠢᠶ᠎ᠡ᠂ | GDP ᠶᠢ ᠳᠠᠶᠢᠴᠢᠯᠠᠬᠤ ᠨᠢ ᠰᠠᠭᠤᠷᠢ ᠱᠤᠭᠤᠮ ᠠᠴᠠ ᠲᠣᠰ ᠲᠣᠰ 10.4%᠂ 2.6%᠂ 1.8% ᠢᠯᠡᠭᠦᠦ | ᠨᠡᠮᠡᠭᠳᠡᠭᠦᠯᠬᠦ ᠡᠷᠡᠮᠡᠯᠵᠡᠯ ᠲᠠᠢ ᠪᠠᠶᠢᠨ᠎ᠠ ᠭᠡᠪᠡ᠃ | ᠳᠡᠯᠡᠬᠡᠢ ᠳ᠋ᠠᠬᠢᠨ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠳᠤ ᠲᠤᠯᠭᠠᠷᠠᠵᠤ᠂ | ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠨᠢ ᠳᠡᠯᠡᠬᠡᠢ ᠶᠢᠨ ᠠᠵᠤ ᠠᠬᠤᠢ ᠶᠢᠨ ᠬᠥᠭᠵᠢᠯᠲᠡ ᠳᠤ ᠮᠠᠰᠢ ᠴᠢᠬᠤᠯᠠ | ᠦᠢᠯᠡᠳᠦᠯ ᠦᠵᠡᠭᠦᠯᠵᠦ ᠪᠠᠶᠢᠨ᠎ᠠ᠃ ᠷᠤᠸᠠᠨ ᠽᠦᠩ ᠽᠧ ᠬᠡᠯᠡᠬᠦ ᠳᠤ ᠪᠠᠨ᠂ RCEP ᠲᠣᠭᠲᠠᠭᠰᠠᠨ ᠨᠢ ᠠᠽᠢᠶ᠎ᠠ | ᠲᠢᠪ ᠨᠣᠮᠣᠬᠠᠨ ᠲᠠᠯᠠᠢ ᠶᠢᠨ ᠣᠷᠣᠨ ᠤ ᠴᠢᠯᠥᠭᠡᠲᠦ ᠠᠷᠠᠯᠵᠢᠶᠠᠨ ᠤ ᠣᠷᠣᠨ ︵FTAAP︶ ᠤ ᠠᠬᠢᠴᠠ ᠳᠤ | ᠪᠡᠶᠡᠯᠡᠭᠳᠡᠯ ᠤᠨ ᠵᠠᠮ ᠮᠥᠷ ᠢ ᠣᠯᠭᠤᠵᠤ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠤᠶᠢᠰᠢᠳᠠ ᠶᠢᠨ ᠪᠦᠬᠦ | ᠪᠥᠮᠪᠥᠷᠴᠡᠭ ᠤᠨ ᠬᠥᠭᠵᠢᠯᠲᠡ ᠶᠢᠨ ᠪᠠᠶᠢᠷᠢᠰᠢᠯ ᠳᠠᠬᠢ ᠬᠤᠪᠢ ᠶᠢᠨ ᠵᠢᠩ ᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ ᠭᠡᠳᠡᠭ ᠢ ᠲᠥᠰᠥᠭᠡᠯᠡᠨ ᠮᠡᠳᠡᠵᠦ ᠪᠣᠯᠣᠨ᠎ᠠ ᠭᠡᠵᠡᠢ᠃ | | | ᠴᠢᠨᠠᠷ ᠰᠠᠶᠢᠲᠠᠶ ᠪᠠ ᠪᠠᠭᠲᠠᠭᠠᠮᠵᠢᠲᠤ ᠴᠢᠨᠠᠷ ᠤᠨ ᠨᠢᠭᠡᠳᠦᠯ | ᠣᠶᠢᠯᠠᠭᠠᠭᠰᠠᠨ ᠢᠶᠠᠷ᠂ RCEP ᠨᠢ ᠣᠷᠣᠰᠢᠯ᠂ 20 ᠪᠦᠯᠦᠭ ︵ᠭᠤᠤᠯᠳᠠᠭᠤ ᠪᠠᠷᠠᠭᠠᠨ ᠤ ᠠᠷᠠᠯᠵᠢᠶ᠎ᠠ᠂ | ᠣᠭ ᠭᠠᠷᠤᠯᠲᠠ ᠶᠢᠨ ᠣᠷᠣᠨ ᠤ ᠲᠦᠷᠢᠮ᠂ ᠪᠣᠭᠤᠮᠲᠠ ᠶᠢᠨ ᠳᠡᠰ ᠳᠠᠷᠠᠭᠠᠯᠠᠯ ᠪᠠ ᠠᠷᠠᠯᠵᠢᠶ᠎ᠠ ᠶᠢ ᠳᠥᠭᠦᠮᠴᠢᠯᠡᠬᠦ᠂ | ᠠᠷᠠᠯᠵᠢᠶᠠᠨ ᠤ ᠲᠡᠳᠬᠦᠮᠵᠢ᠂ ᠦᠢᠯᠡᠴᠢᠯᠡᠭᠡᠨ ᠤ ᠠᠷᠠᠯᠵᠢᠶ᠎ᠠ ᠵᠡᠷᠭᠡ ᠪᠠᠭᠲᠠᠨ᠎ᠠ︶ ᠵᠢᠴᠢ ᠵᠠᠬ᠎ᠠ ᠳᠡᠯᠭᠡᠭᠦᠷ ᠲᠤ | ᠣᠷᠣᠬᠤ ᠶᠢ ᠵᠥᠪᠰᠢᠶᠡᠷᠡᠬᠦ ᠠᠮᠠᠯᠠᠯᠲᠠ ᠶᠢᠨ ᠳᠥᠷᠪᠡᠨ ᠬᠦᠰᠦᠨᠦᠭᠲᠦ ᠶᠢᠨ ᠳᠠᠭᠠᠯᠳᠤᠭᠤᠯᠤᠯ ᠢᠶᠠᠷ ᠪᠦᠷᠢᠯᠳᠦᠵᠡᠶ᠃ | | RCEP ᠨᠢ ᠶᠠᠮᠠᠷ ᠶᠠᠮᠠᠷ ᠣᠨᠴᠠᠯᠢᠭ ᠲᠠᠢ ᠪᠣᠶ︖ ᠡᠨᠡ ᠪᠣᠯ ᠣᠲᠣ ᠦᠶ᠎ᠡ ᠶᠢᠨ᠂ ᠪᠥᠬᠦ ᠲᠠᠯ᠎ᠠ ᠶᠢᠨ᠂ | ᠴᠢᠨᠠᠷ ᠰᠠᠶᠢᠲᠠᠶ᠂ ᠬᠠᠷᠢᠯᠴᠠᠨ ᠠᠰᠢᠭ ᠬᠦᠷᠲᠡᠬᠦ ᠲᠣᠮᠣ ᠬᠡᠯᠪᠡᠷᠢ ᠶᠢᠨ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠮᠦᠨ | — ᠬᠤᠳᠠᠯᠳᠤᠭᠠᠨ ᠤ ᠶᠠᠪᠤᠳᠠᠯ ᠤᠨ ᠶᠠᠮᠤᠨ ᠤ ᠳᠡᠳ᠋ ᠰᠠᠶᠢᠳ ᠪᠥᠭᠡᠳ ᠣᠯᠠᠨ ᠤᠯᠤᠰ ᠤᠨ ᠠᠷᠠᠯᠵᠢᠶᠠᠨ ᠤ | ᠬᠡᠯᠡᠯᠴᠡᠭᠡ ᠶᠢᠨ ᠳᠡᠳ᠋ ᠲᠥᠯᠥᠭᠡᠯᠡᠭᠴᠢ ᠸᠠᠩ ᠱᠸᠦ ᠸᠧᠨ ᠢᠩᠭᠢᠵᠦ ᠬᠡᠯᠡᠭᠰᠡᠨ ᠪᠠᠶᠢᠨ᠎ᠠ᠃ | ᠡᠭᠦᠨ ᠠᠴᠠ ᠡᠮᠦᠨ᠎ᠡ ᠵᠡᠭᠦᠨ ᠡᠮᠦᠨᠡᠲᠦ ᠠᠽᠢᠶ᠎ᠠ ᠶᠢᠨ ᠬᠤᠯᠪᠣᠭ᠎ᠠ ᠨᠢᠭᠡᠨᠲᠡ ᠳᠤᠮᠳᠠᠳᠤ ᠤᠯᠤᠰ᠂ ᠶᠠᠫᠣᠨ᠂ | ᠺᠣᠷᠢᠶᠠ ᠵᠡᠷᠭᠡ ᠤᠯᠤᠰ ᠲᠠᠢ ︽10+1︾ ᠴᠢᠯᠥᠭᠡᠲᠦ ᠠᠷᠠᠯᠵᠢᠶᠠᠨ ᠤ ᠣᠯᠠᠨ ᠬᠡᠯᠡᠯᠴᠡᠭᠡᠷ ᠲᠣᠭᠲᠠᠵᠠᠶ᠃ | ᠳᠤᠮᠳᠠᠳᠤ᠂ ᠶᠠᠫᠣᠨ᠂ ᠺᠣᠷᠢᠶᠠ᠂ ᠠᠦ᠋ᠰᠲᠷᠠᠯᠢᠶ᠎ᠠ᠂ ᠰᠢᠨ᠎ᠡ ᠽᠢᠯᠠᠨᠳ᠋ ᠵᠡᠷᠭᠡ 5 ᠤᠯᠤᠰ ᠴᠤ ᠬᠤᠭᠤᠷᠣᠨᠳᠣ ᠪᠠᠰᠠ | ᠴᠢᠯᠥᠭᠡᠲᠦ ᠠᠷᠠᠯᠵᠢᠶᠠᠨ ᠤ ᠬᠠᠨᠢᠲᠠᠨ ᠤ ᠤᠯᠠᠨ ᠬᠠᠷᠢᠴᠠᠭ᠎ᠠ ᠪᠠᠶᠢᠪᠠ᠃ ᠬᠠᠷᠢᠴᠠᠭᠤᠯᠵᠤ ᠦᠵᠡᠪᠡᠯ᠂ | RCEP ᠶᠢᠨ ᠦᠢᠯᠡᠴᠢᠯᠡᠭᠡᠨ ᠤ ᠠᠷᠠᠯᠵᠢᠶ᠎ᠠ ᠪᠠ ᠪᠠᠯᠠ ᠣᠷᠣᠭᠤᠯᠤᠯᠲᠠ ᠶᠢᠨ ᠨᠡᠭᠡᠭᠡᠯᠲᠡ ᠶᠢᠨ ᠬᠢᠷᠢ | ᠲᠥᠪᠰᠢᠨ ᠨᠢ ︽10 + 1︾ ᠶᠢᠨ ᠬᠡᠯᠡᠯᠴᠡᠭᠡᠷ ᠠᠴᠠ ᠥᠨᠳᠥᠷ ᠪᠠᠶᠢᠵᠤ᠂ ᠣᠷᠣᠨ ᠪᠦᠰᠡ ᠶᠢᠨ ᠳᠣᠲᠣᠷᠠᠬᠢ | ᠠᠵᠤ ᠠᠬᠤᠶ ᠶᠢᠨ ᠠᠷᠠᠯᠵᠢᠶᠠᠨ ᠤ ᠲᠦᠷᠢᠮ ᠤᠨ ︽ᠡᠮᠬᠢᠯᠡᠨ ᠨᠡᠶᠢᠯᠡᠭᠦᠯᠬᠦ ᠪᠠᠭᠠᠵᠢ︾ ᠶᠢᠨ ᠦᠢᠯᠡᠳᠦᠯ ᠢ | ᠪᠠᠳᠠᠷᠠᠭᠤᠯᠬᠤ ᠪᠣᠯᠤᠨ᠎ᠠ᠃ | ᠪᠡᠭᠡᠵᠢᠩ ᠶᠡᠭᠡ ᠰᠤᠷᠭᠠᠭᠤᠯᠢ ᠶᠢᠨ ᠤᠯᠤᠰ ᠤᠨ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠤᠨ ᠳᠡᠳ᠋ | ᠳᠠᠷᠤᠭ᠎ᠠ ᠢᠦᠶ ᠮᠢᠶᠣᠣ ᠵᠢᠶᠧ ᠬᠡᠯᠡᠭᠰᠡᠨ ᠨᠢ᠂ ᠬᠡᠷᠪᠡ ᠡᠯ᠎ᠡ ᠤᠯᠤᠰ ᠤᠳ ᠬᠤᠭᠤᠷᠣᠨᠳᠣ ᠪᠠᠨ ᠠᠷᠠᠯᠵᠢᠶᠠᠨ ᠤ | ᠬᠡᠯᠡᠯᠴᠡᠭᠡᠷ ᠲᠣᠭᠲᠠᠬᠤ ᠳᠤ ᠬᠦᠷᠪᠡᠯ᠂ ᠡᠯ᠎ᠡ ᠬᠡᠯᠡᠯᠴᠡᠭᠡᠷ ᠤᠨ ᠠᠳᠠᠯᠢ ᠪᠤᠰᠤ ᠳᠦᠷᠢᠮ ᠳᠤ ︽ᠢᠲ᠋ᠠᠯᠢ ᠶᠢᠨ | ᠭᠤᠯᠢᠷ ᠤᠨ ᠠᠶᠠᠭ᠎ᠠ︾ ᠶᠢᠨ ᠦᠵᠡᠭᠳᠡᠯ ᠭᠠᠷᠴᠤ᠂ ᠬᠠᠶᠢᠴᠢᠯᠠᠭᠠᠳ ᠲᠠᠰᠤᠷᠠᠬᠤ ᠦᠭᠡᠢ᠂ ᠵᠠᠰᠠᠭᠠᠳ ᠪᠠᠰᠠ | ᠵᠥᠭᠰᠢᠷᠡᠬᠦ ᠦᠭᠡᠢ ᠪᠣᠯᠣᠨ᠎ᠠ᠃ ᠨᠢᠭᠡᠳᠦᠯᠲᠡᠶ ᠲᠦᠷᠢᠮ ᠢ ᠪᠦᠷᠢᠯᠳᠦᠭᠦᠯᠪᠡᠯ᠂ ᠡᠵᠡᠩᠨᠡᠯᠲᠡ ᠶᠢᠨ ᠥᠪᠡᠷ ᠤᠨ | ᠥᠷᠲᠡᠭ ᠢ ᠶᠡᠭᠡ ᠪᠠᠷ ᠪᠠᠭᠤᠷᠠᠭᠤᠯᠵᠤ᠂ ᠲᠣᠭᠲᠠᠭᠠᠯᠲᠤ ᠪᠤᠰᠤ ᠴᠢᠨᠠᠷ ᠢ ᠪᠠᠭᠠᠰᠬᠠᠬᠤ ᠪᠣᠯᠤᠨ᠎ᠠ ᠭᠡᠪᠡ᠃ | | | ᠬᠤᠳᠠᠯᠳᠤᠭᠠᠨ ᠤ ᠶᠠᠪᠤᠳᠠᠯ ᠤᠨ ᠶᠠᠮᠤᠨ ᠤ ᠣᠯᠠᠨ ᠤᠯᠤᠰ ᠤᠨ ᠵᠤᠷᠭᠠᠨ ᠤ ᠬᠠᠷᠢᠭᠤᠴᠠᠯᠭᠠᠲᠠᠨ ᠵᠢᠭᠠᠵᠤ | ᠭᠠᠷᠭᠠᠭᠰᠠᠨ ᠨᠢ᠂ RCEP ᠨᠢ ᠣᠷᠣᠨ ᠪᠦᠰᠡ ᠶᠢᠨ ᠬᠤᠷᠠᠮᠳᠠᠭᠤᠯᠤᠭᠰᠠᠨ ᠤᠭ ᠭᠠᠷᠤᠯᠲᠠ ᠶᠢᠨ ᠣᠷᠣᠨ ᠤ | ᠳᠦᠷᠢᠮ ᠢ ᠠᠰᠢᠭᠯᠠᠬᠤ ᠪᠠᠷ ᠳᠠᠮᠵᠢᠭᠤᠯᠤᠨ᠂ ᠣᠷᠣᠨ ᠪᠦᠰᠡ ᠶᠢᠨ ᠳᠣᠲᠣᠷᠠᠬᠢ ᠠᠵᠤ ᠦᠢᠯᠡᠰ ᠤᠨ ᠬᠡᠯᠬᠢᠶ᠎ᠡ ᠶᠢᠨ | ᠥᠷᠲᠡᠭ ᠤᠨ ᠬᠡᠯᠬᠢᠶ᠎ᠡ ᠶᠢ ᠭᠦᠨᠵᠡᠭᠡᠶᠢᠷᠡᠭᠦᠯᠦᠨ᠎ᠡ︔ ᠰᠢᠨ᠎ᠡ ᠮᠡᠷᠭᠡᠵᠢᠯ ᠢ ᠠᠰᠢᠭᠯᠠᠨ ᠪᠣᠭᠤᠮᠲᠠ ᠶᠢᠨ | ᠳᠥᠭᠦᠮᠴᠢᠯᠡᠯᠲᠡ ᠶᠢ ᠠᠬᠢᠭᠤᠯᠵᠤ᠂ ᠰᠢᠨ᠎ᠡ ᠬᠡᠯᠪᠡᠷᠢ ᠶᠢᠨ ᠬᠢᠯᠢ ᠠᠯᠤᠰᠯᠠᠭᠰᠠᠨ ᠪᠠᠷᠠᠭᠠᠨ ᠤ ᠭᠦᠢᠯᠭᠡᠭᠡᠨ ᠤ | ᠬᠥᠭᠵᠢᠯᠲᠡ ᠶᠢ ᠠᠬᠢᠭᠤᠯᠤᠨ᠎ᠠ︔ ᠨᠠᠵᠠᠭᠠᠢ ᠲᠠᠯ᠎ᠠ ᠶᠢᠨ ᠨᠠᠷᠢᠨ ᠬᠠᠭᠤᠳᠠᠰᠤ ᠪᠠᠷ ᠪᠡᠯᠡ ᠣᠷᠣᠭᠤᠯᠤᠯᠲᠠ ᠶᠢᠨ | ᠴᠢᠯᠥᠭᠡᠵᠢᠯ ᠢ ᠠᠬᠢᠭᠤᠯᠵᠤ ᠪᠡᠯᠡ ᠣᠷᠤᠭᠤᠯᠤᠯᠲᠠ ᠶᠢᠨ ᠲᠦᠷᠦ ᠶᠢᠨ ᠪᠤᠳᠤᠯᠭ᠎ᠠ ᠶᠢᠨ ᠢᠯᠡ ᠲᠣᠳᠣ ᠶᠢᠨ ᠬᠡᠮᠵᠢᠶ᠎ᠡ ᠶᠢ | ᠳᠡᠭᠡᠭᠰᠢᠯᠡᠭᠦᠯᠦᠨ᠎ᠡ᠂ ᠡᠳᠡᠭᠡᠷ ᠨᠢ ᠴᠥᠮ ᠣᠷᠣᠨ ᠪᠦᠰᠡ ᠶᠢᠨ ᠳᠣᠲᠣᠭᠠᠳᠤ ᠶᠢᠨ ᠠᠵᠤ ᠠᠬᠤᠢ ᠠᠷᠠᠯᠵᠢᠶᠠᠨ ᠤ | ᠲᠦᠷᠢᠮ ᠤᠨ ᠰᠢᠯᠢᠳᠡᠭᠵᠢᠯᠲᠡ ᠪᠠ ᠨᠡᠶᠢᠯᠡᠯᠲᠡ ᠶᠢ ᠠᠬᠢᠭᠤᠯᠬᠤ ᠪᠣᠯᠤᠨ᠎ᠠ ᠭᠡᠵᠡᠢ᠃ | ︽ᠴᠢᠨᠠᠷ ᠰᠠᠶᠢᠲᠠᠶ ᠪᠠᠶᠢᠬᠤ︾ ᠪᠣᠯ RCEP ᠶᠢᠨ ᠨᠢᠭᠡᠨ ᠢᠯᠡᠷᠬᠡᠶ ᠣᠨᠴᠠᠯᠢᠭ ᠪᠣᠯᠤᠨ᠎ᠠ᠄ ᠪᠠᠷᠠᠭᠠᠨ ᠤ | ᠠᠷᠠᠯᠵᠢᠶ᠎ᠠ ᠶᠢᠨ ᠡᠴᠦᠰ ᠤᠨ ᠪᠣᠭᠤᠮᠲᠠ ᠶᠢᠨ ᠭᠠᠶᠢᠯᠢ ᠦᠭᠡᠢ ᠦᠢᠯᠡᠳᠬᠦᠨ ᠤ ᠲᠤᠭ᠎ᠠ ᠨᠢ ᠪᠦᠬᠦᠯᠢ ᠴᠣᠭᠴᠠ ᠶᠢᠨ | 90% ᠶᠢ ᠳᠠᠪᠠᠵᠦ᠂ ᠦᠢᠯᠡᠴᠢᠯᠡᠭᠡᠨ ᠤ ᠠᠷᠠᠯᠵᠢᠶ᠎ᠠ ᠪᠣᠯᠤᠨ ᠪᠡᠯᠡ ᠣᠷᠣᠭᠤᠯᠤᠯᠲᠠ ᠶᠢᠨ ᠶᠡᠷᠦᠩᠬᠡᠶ ᠨᠡᠭᠡᠭᠡᠯᠲᠡ ᠶᠢᠨ | ᠬᠢᠷᠢ ᠲᠥᠪᠰᠢᠨ ᠤᠤᠯ ᠤᠨ ︽10+1︾ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠤᠨ ᠬᠢ ᠠᠴᠠ ᠢᠯᠡᠳᠲᠡ | ᠥᠨᠳᠥᠷ ᠪᠣᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠡᠯᠧᠺᠲᠷᠣᠨ ᠬᠤᠳᠠᠯᠳᠤᠭᠠᠨ ᠤ ᠶᠠᠪᠤᠳᠠᠯ᠂ | ᠥᠷᠢᠰᠥᠯᠳᠥᠭᠡᠨ ᠤ ᠲᠥᠷᠥ ᠶᠢᠨ ᠪᠣᠳᠣᠯᠭ᠎ᠠ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠳᠡᠭᠡᠳᠦ ᠬᠢᠷᠢ | ᠲᠦᠪᠰᠢᠨ ᠪᠥᠬᠦᠶ ᠣᠳᠣᠬᠢᠴᠢᠯᠠᠭᠰᠠᠨ ᠵᠥᠪᠯᠡᠬᠦ ᠰᠡᠳᠦᠪ ᠢ ᠴᠦ ᠡᠭᠦᠨ ᠳᠤ ᠣᠷᠤᠭᠤᠯᠬᠤ ᠪᠣᠯᠣᠨ᠎ᠠ ᠁ | ᠷᠤᠸᠠᠨ ᠽᠦᠩ ᠽᠧ ᠬᠡᠯᠡᠬᠦ ᠳᠤ ᠪᠠᠨ᠂ ᠬᠤᠶᠢᠰᠢᠳᠠ ᠣᠷᠣᠨ ᠪᠦᠰᠡ ᠶᠢᠨ ᠳᠣᠲᠣᠷᠠᠬᠢ ᠠᠵᠤ | ᠠᠬᠤᠶᠢᠯᠠᠯ ᠤᠳ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠡᠩ ᠶᠡᠭᠡ ᠬᠡᠮᠵᠢᠶ᠎ᠡ ᠪᠠᠷ᠂ ᠨᠡᠩ ᠳᠥᠭᠦᠮ ᠳᠥᠲᠡ | ᠬᠦᠷᠲᠡᠬᠦ ᠪᠣᠯᠤᠮᠵᠢ ᠲᠠᠢ᠂ ᠡᠯ᠎ᠡ ᠤᠯᠤᠰ ᠤᠨ ᠠᠷᠠᠳ ᠲᠦᠮᠡᠨ ᠴᠦ ᠨᠡᠩ ᠬᠢᠮᠳᠠ ᠦᠨ᠎ᠡ ᠪᠠᠷ ᠭᠠᠳᠠᠭᠠᠳᠤ ᠠᠴᠠ | ᠣᠷᠣᠭᠤᠯᠬᠤ ᠦᠢᠯᠡᠳᠬᠦᠨ ᠢ ᠡᠳ᠋ᠯᠡᠵᠦ᠂ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠨᠢ ᠤᠯᠠᠮ | ᠨᠢᠭᠡ ᠠᠯᠬᠤᠮ ᠬᠠᠩᠭᠠᠭᠳᠠᠬᠤ ᠪᠣᠯᠤᠨ᠎ᠠ ᠭᠡᠪᠡ᠃ | | ᠡᠨᠡ ᠵᠢᠯ ᠤᠨ ᠲᠦᠷᠦᠭᠦᠤ ᠭᠤᠷᠪᠠᠨ ᠤᠯᠠᠷᠢᠯ ᠳᠤ᠂ ᠵᠡᠭᠦᠨ ᠡᠮᠦᠨᠡᠲᠦ ᠠᠽᠢᠶ᠎ᠠ ᠶᠢᠨ ᠬᠤᠯᠪᠣᠭ᠎ᠠ ᠲᠡᠤᠬᠡᠲᠦ | ᠴᠢᠨᠠᠷᠲᠠᠢ ᠪᠠᠷ ᠳᠤᠮᠳᠠᠳᠤ ᠤᠯᠤᠰ ᠤᠨ ᠨᠢᠭᠡᠳᠦᠭᠡᠷ ᠲᠣᠮᠣ ᠠᠷᠠᠯᠵᠢᠶᠠᠨ ᠤ ᠬᠠᠨᠢᠲᠠᠨ ᠪᠣᠯᠵᠤ᠂ ᠳᠤᠮᠳᠠᠳᠤ ᠤᠯᠤᠰ | ᠪᠣᠯᠤᠨ ᠪᠤᠰᠤᠳ RCEP ᠶᠢᠨ ᠪᠦᠷᠢᠯᠳᠦᠬᠦᠨ ᠤ ᠬᠤᠭᠤᠷᠣᠨᠳᠣᠬᠢ ᠠᠷᠠᠯᠵᠢᠶᠠᠨ ᠤ ᠶᠡᠷᠦᠩᠬᠡᠶ ᠬᠡᠮᠵᠢᠶ᠎ᠡ | 10550 ᠳ᠋ᠦᠩᠰᠢᠭᠤᠷ ᠳ᠋ᠣᠯᠯᠠᠷ ᠲᠤ ᠬᠦᠷᠴᠦ᠂ ᠳᠤᠮᠳᠠᠳᠤ ᠤᠯᠤᠰ ᠤᠨ ᠭᠠᠳᠠᠭᠠᠳᠤ ᠠᠷᠠᠯᠵᠢᠶᠠᠨ ᠤ ᠶᠡᠷᠦᠩᠬᠡᠶ | ᠲᠣᠭᠠᠨ ᠤ ᠪᠠᠷᠤᠭ ᠭᠤᠷᠪᠠᠨ ᠤ ᠨᠢᠭᠡ ᠬᠤᠪᠢ ᠶᠢ ᠡᠵᠡᠯᠡᠪᠡ᠃ ᠡᠶᠢᠮᠦ ᠯᠤᠲᠤ ᠶᠡᠭᠡ ᠠᠷᠠᠯᠵᠢᠶᠠᠨ ᠤ ᠬᠡᠮᠵᠢᠶ᠎ᠡ ᠨᠢ | ᠪᠣᠭᠤᠮᠲᠠ ᠶᠢᠨ ᠭᠠᠶᠢᠯᠢ ᠶᠢ ᠪᠠᠭᠤᠷᠠᠭᠤᠯᠬᠤ ᠪᠠᠷ ᠳᠠᠮᠵᠢᠭᠠᠳ ᠯᠤᠲᠤ ᠶᠡᠭᠡ ︽ᠠᠷᠠᠯᠵᠢᠶᠠᠨ ᠤ ᠡᠭᠦᠳᠦᠯᠲᠡ︾ ᠶᠢᠨ | ᠦᠢᠯᠡᠳᠦᠯ ᠭᠠᠷᠭᠠᠬᠤ ᠨᠢ ᠳᠠᠮᠵᠢᠭ ᠦᠭᠡᠢ ᠶᠤᠮ᠃ | ᠳᠤᠷᠠᠳᠤᠭᠤᠰᠢᠲᠠᠶ ᠵᠦᠢᠯ ᠭᠡᠪᠡᠯ᠂ RCEP ᠭᠡᠷ᠎ᠡ ᠪᠠᠷ ᠳᠠᠮᠵᠢᠨ᠂ ᠤᠤᠯ ᠨᠢ ᠴᠢᠯᠥᠭᠡᠲᠦ ᠠᠷᠠᠯᠵᠢᠶᠠᠨ ᠤ | ᠬᠡᠯᠡᠯᠴᠡᠭᠡᠷ ᠦᠭᠡᠢ ᠪᠠᠶᠢᠭᠰᠠᠨ ᠳᠤᠮᠳᠠᠳᠤ ᠶᠠᠫᠣᠨ᠂ ᠶᠠᠫᠣᠨ ᠺᠣᠷᠢᠶᠠ ᠬᠤᠭᠤᠷᠣᠨᠳᠤ ᠪᠠᠨ ᠪᠠᠰᠠ ᠴᠢᠯᠥᠭᠡᠲᠦ | ᠠᠷᠠᠯᠵᠢᠶᠠᠨ ᠤ ᠰᠢᠨ᠎ᠡ ᠬᠠᠨᠢᠲᠠᠨ ᠤ ᠬᠠᠷᠢᠴᠠᠭ᠎ᠠ ᠶᠢ ᠪᠠᠶᠢᠭᠤᠯᠵᠤ᠂ ᠣᠷᠣᠨ ᠪᠦᠰᠡ ᠶᠢᠨ ᠳᠣᠲᠣᠷᠠᠬᠢ ᠴᠢᠯᠥᠭᠡᠲᠦ | ᠠᠷᠠᠯᠵᠢᠶᠠᠨ ᠤ ᠬᠡᠮᠵᠢᠶ᠎ᠡ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠣᠨ᠎ᠠ᠃ | ︽RCEP ᠶᠢ ᠲᠣᠭᠲᠠᠭᠰᠠᠨ ᠨᠢ᠂ ᠳᠤᠮᠳᠠᠳᠤ ᠶᠠᠫᠣᠨ ᠺᠣᠷᠢᠶᠠ ᠶᠢᠨ ᠨᠡᠩ ᠥᠨᠳᠥᠷ ᠲᠦᠪᠰᠢᠨ ᠪᠦᠬᠦᠢ | ᠠᠵᠤ ᠠᠬᠤᠢ ᠶᠢᠨ ᠨᠢᠭᠡ ᠴᠤᠬᠴᠠᠵᠢᠯᠳᠠ ᠶᠢ ᠠᠬᠢᠭᠤᠯᠬᠤ ᠳᠤ ᠳᠡᠮᠵᠢᠯᠭᠡ ᠪᠣᠯᠬᠤ ᠪᠥᠭᠡᠳ ᠢᠷᠡᠭᠡᠳᠦᠢ ᠳᠤ ᠳᠤᠮᠳᠠᠳᠤ | ᠶᠠᠫᠣᠨ ᠺᠣᠷᠢᠶᠠ ᠶᠢᠨ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠲᠤᠬᠢᠷᠠᠯᠴᠠᠬᠤ ᠳᠤ ᠰᠠᠭᠤᠷᠢ ᠲᠠᠯᠪᠢᠵᠤ ᠥᠭᠬᠦ | ᠪᠣᠯᠤᠨ᠎ᠠ︾ ᠭᠡᠵᠦ ᠸᠠᠩ ᠱᠸᠦ ᠸᠧᠨ ᠬᠡᠯᠡᠪᠡ᠃ | ᠬᠠᠷᠢᠯᠴᠠᠨ ᠬᠠᠷᠠᠭᠠᠯᠵᠠᠯ ᠦᠵᠡᠭᠦᠯᠬᠦ ᠲᠠᠯ᠎ᠠ ᠪᠠᠷ᠂ RCEP ᠨᠢ ᠠᠳᠠᠯᠢ ᠪᠤᠰᠤ ᠤᠯᠤᠰ ᠤᠨ ᠪᠠᠶᠢᠳᠠᠯ ᠢ | ᠬᠠᠷᠠᠭᠠᠯᠵᠠᠨ᠂ ᠬᠠᠮᠤᠭ ᠤᠨ ᠬᠤᠴᠤᠷᠠᠩᠭᠤᠢ ᠤᠯᠤᠰ ᠲᠤ ᠣᠨᠴᠠᠭᠠᠶ ᠪᠠ ᠵᠥᠷᠢᠶᠡᠲᠦ ᠬᠠᠷᠠᠭᠠᠯᠵᠠᠯ ᠬᠦᠷᠲᠡᠭᠡᠬᠦ | ᠪᠣᠯᠣᠨ᠎ᠠ᠂ ᠥᠭᠡᠷ᠎ᠡ ᠪᠠᠷ ᠬᠡᠯᠡᠪᠡᠯ ᠡᠯ᠎ᠡ ᠲᠠᠯ᠎ᠠ ᠶᠢᠨ ᠬᠢᠨ ᠤ ᠬᠦᠰᠡᠯ ᠱᠠᠭᠠᠷᠳᠠᠯᠭ᠎ᠠ ᠶᠢ ᠬᠠᠮᠤᠭ ᠤᠨ ᠶᠡᠭᠡ | ᠬᠡᠮᠵᠢᠶ᠎ᠡ ᠪᠠᠷ ᠬᠠᠷᠠᠭᠠᠯᠵᠠᠬᠤ ᠪᠣᠯᠣᠨ᠎ᠠ᠃ ᠵᠠᠳᠠᠯᠤᠭᠴᠢᠳ ᠬᠡᠯᠡᠬᠦ ᠳᠤ ᠪᠠᠨ᠂ ᠡᠨᠡ ᠨᠢ ᠲᠣᠰ ᠭᠠᠵᠠᠷ ᠣᠷᠣᠨ ᠤ ᠪᠠᠨ | ᠪᠠᠭᠲᠠᠭᠠᠮᠵᠢᠲᠠᠶ ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ᠂ ᠡᠯ᠎ᠡ ᠲᠠᠯ᠎ᠠ ᠶᠢᠨ ᠬᠢᠨ ᠳᠤ RCEP ᠶᠢᠨ ᠦᠷ᠎ᠡ | ᠪᠦᠲᠦᠭᠡᠯ ᠢ ᠭᠦᠢᠴᠡᠳ ᠬᠠᠮᠲᠤ ᠪᠠᠷ ᠬᠦᠷᠲᠡᠭᠡᠬᠦ ᠪᠣᠯᠤᠨ᠎ᠠ ᠭᠡᠵᠡᠶ᠃ | | | ᠳᠤᠮᠳᠠᠳᠤ ᠤᠯᠤᠰ ᠤᠨ ᠨᠡᠩ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠴᠢᠬᠤᠯᠠ ᠲᠠᠪᠴᠠᠩ | | ᠴᠢᠯᠥᠭᠡᠲᠦ ᠠᠷᠠᠯᠵᠢᠶᠠᠨ ᠤ ᠣᠷᠣᠨ ᠤ ᠪᠠᠶᠢᠯᠳᠤᠬᠤ ᠪᠤᠳᠤᠯᠭ᠎ᠠ ᠶᠢ ᠲᠦᠷᠭᠡᠳᠬᠡᠨ ᠬᠡᠷᠡᠭᠵᠢᠭᠦᠯᠬᠦ ᠪᠣᠯ | ᠳᠤᠮᠳᠠᠳᠤ ᠤᠯᠤᠰ ᠤᠨ ᠰᠢᠨ᠎ᠡ ᠨᠢᠭᠡ ᠡᠭᠡᠯᠵᠢ ᠶᠢᠨ ᠭᠠᠳᠠᠭᠠᠳᠤ ᠨᠡᠬᠡᠬᠡᠯᠳᠡ ᠶᠢᠨ ᠴᠢᠬᠤᠯᠠ ᠠᠭᠤᠯᠭ᠎ᠠ ᠪᠣᠯᠤᠨ᠎ᠠ᠃ | | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠨᠠᠭᠤᠯᠭ᠎ᠠ ᠳᠤ ︽ᠪᠦᠬᠦ | ᠪᠥᠮᠪᠥᠷᠴᠡᠭ ᠲᠤ ᠬᠠᠨᠳᠤᠭᠤᠯᠤᠭᠰᠠᠨ ᠥᠨᠳᠥᠷ ᠪᠠᠷᠢᠮᠵᠢᠶᠠᠲᠤ ᠴᠢᠯᠥᠭᠡᠲᠦ ᠠᠷᠠᠯᠵᠢᠶᠠᠨ ᠤ ᠣᠷᠣᠨ ᠤ ᠲᠣᠤᠷ | ᠰᠦᠯᠵᠢᠶ᠎ᠡ ᠶᠢ ᠪᠠᠶᠢᠭᠤᠯᠤᠨ᠎ᠠ︾ ᠭᠡᠵᠦ ᠲᠣᠳᠣᠷᠬᠠᠶ ᠳᠤᠷᠠᠳᠤᠨ ᠭᠠᠷᠭᠠᠪᠠ︔ ᠲᠡᠷᠢᠭᠦᠯᠡᠭᠴᠢ ᠰᠢ ᠶᠢᠨ ᠫᠢᠩ | ᠭᠤᠷᠪᠠᠳᠤᠭᠠᠷ ᠬᠤᠭᠤᠴᠠᠭᠠᠨ ᠤ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠳᠡᠭᠡᠷ᠎ᠡ ᠪᠠᠰᠠ ︽ | ᠳᠤᠮᠳᠠᠳᠤ ᠤᠯᠤᠰ ᠳᠤᠷᠠᠲᠠᠶ᠎ᠠ ᠨᠠᠩ ᠣᠯᠠᠨ ᠤᠯᠤᠰ ᠲᠠᠢ ᠥᠨᠳᠥᠷ ᠪᠠᠷᠢᠮᠵᠢᠶᠠᠲᠤ ᠴᠢᠯᠥᠭᠡᠲᠦ ᠠᠷᠠᠯᠵᠢᠶᠠᠨ ᠤ | ᠬᠡᠯᠡᠯᠴᠡᠭᠡᠷ ᠢ ᠵᠥᠪᠳᠡᠯᠴᠡᠨ ᠲᠣᠭᠲᠠᠵᠤ᠂ ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ | ᠬᠠᠷᠢᠴᠠᠭ᠎ᠠ ᠶᠢᠨ ᠬᠡᠯᠡᠯᠴᠡᠭᠡᠷ ᠲᠤ ᠠᠯᠢ ᠲᠦᠷᠭᠡᠨ ᠢᠶᠠᠷ ᠭᠠᠷ ᠤᠨ ᠦᠰᠦᠭ ᠵᠢᠷᠤᠬᠤ ᠶᠢ ᠠᠬᠢᠭᠤᠯᠤᠨ᠎ᠠ ᠁︾ | ᠭᠡᠵᠦ ᠲᠣᠳᠣᠷᠬᠠᠢ ᠢᠯᠡᠷᠬᠡᠶᠢᠯᠡᠪᠡ᠃ | ᠵᠠᠳᠠᠯᠤᠭᠴᠢᠳ ᠵᠢᠭᠠᠵᠤ ᠭᠠᠷᠭᠠᠭᠰᠠᠨ ᠨᠢ᠂ RCEP ᠴᠢᠯᠥᠭᠡᠲᠦ ᠠᠷᠠᠯᠵᠢᠶᠠᠨ ᠤ ᠣᠷᠣᠨ ᠢ | ᠪᠠᠶᠢᠭᠤᠯᠬᠤ ᠨᠢ ᠳᠤᠮᠳᠠᠳᠤ ᠤᠯᠤᠰ ᠰᠢᠨ᠎ᠡ ᠴᠠᠭ ᠦᠶ᠎ᠡ ᠳᠤ ᠨᠡᠬᠡᠬᠡᠯᠳᠡᠲᠦ ᠬᠡᠯᠪᠡᠷᠢ ᠶᠢᠨ ᠠᠵᠤ ᠠᠬᠤᠢ ᠶᠢᠨ ᠰᠢᠨ᠎ᠡ | ᠪᠠᠶᠢᠭᠤᠯᠤᠯ ᠢ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠴᠣᠭᠴᠠ ᠪᠣᠯᠭᠠᠭᠰᠠᠨ᠂ | ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢᠶᠠᠷ ᠬᠠᠷᠢᠯᠴᠠᠨ ᠠᠬᠢᠭᠤᠯᠬᠤ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠦᠷᠢᠯᠳᠦᠭᠦᠯᠬᠦ ᠳᠤ ᠯᠤᠲᠤ ᠶᠡᠭᠡ ᠬᠦᠴᠦᠨ ᠨᠡᠮᠡᠷᠢᠯᠡᠬᠦ ᠪᠣᠯᠤᠨ᠎ᠠ ᠭᠡᠵᠡᠢ᠃ | ︽RCEP ᠪᠣᠯ ︿ᠬᠤᠤᠰ ᠣᠷᠴᠢᠯ﹀ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ | ᠲᠦᠢᠯ ᠤᠨ ᠵᠠᠩᠭᠢᠯᠠᠭ᠎ᠠ ᠪᠣᠯᠬᠤ ᠲᠣᠭᠲᠠᠴᠠ ᠶᠢᠨ ᠴᠢᠨᠠᠷᠲᠠᠶ ᠬᠠᠮᠲᠤᠷᠠᠯᠴᠠᠭᠠᠨ ᠤ ᠲᠠᠪᠴᠠᠩ ᠮᠥᠨ᠂ ᠡᠨᠡ ᠬᠦ ᠪᠣᠷᠣ | ᠲᠥᠯᠥᠪ ᠤᠨ ᠳᠣᠣᠷ᠎ᠠ᠂ ᠳᠤᠮᠳᠠᠳᠤ ᠤᠯᠤᠰ ᠡᠬᠢ ᠪᠠᠶᠠᠯᠢᠭ ᠪᠣᠯᠤᠨ ᠴᠢᠬᠤᠯᠠ ᠡᠯᠧᠮᠧᠨ᠋ᠲ ᠢ ᠨᠡᠩ ᠥᠨᠳᠥᠷ | ᠪᠦᠲᠦᠮᠵᠢᠲᠡᠢ ᠳᠤᠬᠢᠷᠠᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠣᠯᠤᠨ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠬᠤ ᠪᠣᠯᠤᠨ᠎ᠠ︾ ᠭᠡᠵᠦ ᠬᠤᠳᠠᠯᠳᠤᠭᠠᠨ ᠤ ᠶᠠᠪᠤᠳᠠᠯ ᠤᠨ ᠶᠠᠮᠤᠨ ᠤ | ᠰᠤᠳᠤᠯᠭᠠᠨ ᠤ ᠬᠦᠷᠢᠶᠡᠯᠡᠩ ᠤᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠰᠤᠳᠤᠯᠭᠠᠨ ᠤ | ᠲᠥᠪ ᠤᠨ ᠡᠷᠬᠢᠯᠡᠭᠴᠢ ᠵᠠᠩ ᠵᠢᠶᠠᠨ ᠫᠢᠩ ᠬᠡᠯᠡᠪᠡ᠃ | | | ᠬᠤᠶᠠᠷ ᠪᠦᠯᠦᠭ ᠲᠤᠭ᠎ᠠ ᠨᠢ RCEP ᠶᠢᠨ ︽ᠠᠯᠲᠠᠨ ᠤ ᠠᠭᠤᠯᠤᠭᠳᠠᠴᠠ︾ ᠶᠢ ᠬᠠᠮᠤᠭ ᠠᠴᠠ ᠢᠯᠡᠭᠦᠤ | ᠭᠡᠷᠡᠴᠢᠯᠡᠵᠦ ᠴᠢᠳᠠᠨ᠎ᠠ᠄ | — RCEP ᠲᠣᠭᠲᠠᠭᠰᠠᠨ ᠤ ᠳᠠᠷᠠᠭ᠎ᠠ᠂ ᠳᠤᠮᠳᠠᠳᠤ ᠤᠯᠤᠰ ᠤᠨ ᠭᠠᠳᠠᠭᠠᠳᠤ ᠯᠦᠭᠡ ᠲᠣᠭᠲᠠᠭᠰᠠᠨ | ᠴᠢᠯᠥᠭᠡᠲᠦ ᠠᠷᠠᠯᠵᠢᠶᠠᠨ ᠤ ᠬᠡᠯᠡᠯᠴᠡᠭᠡᠷ 19 ᠪᠣᠯᠵᠤ᠂ ᠴᠢᠯᠥᠭᠡᠲᠦ ᠠᠷᠠᠯᠵᠢᠶᠠᠨ ᠤ ᠬᠠᠨᠢᠲᠠᠨ 26 ᠪᠣᠯᠪᠠ︔ | — RCEP ᠪᠠᠷ ᠳᠠᠮᠵᠢᠭᠤᠯᠤᠨ ᠳᠤᠮᠳᠠᠳᠤ ᠶᠠᠫᠣᠨ ᠤ ᠴᠢᠯᠥᠭᠡᠲᠦ ᠠᠷᠠᠯᠵᠢᠶᠠᠨ ᠤ ᠬᠠᠷᠢᠴᠠᠭ᠎ᠠ ᠶᠢ | ᠰᠢᠨ᠎ᠡ ᠪᠠᠷ ᠪᠠᠶᠢᠭᠤᠯᠪᠠ᠂ ᠡᠨᠡ ᠪᠣᠯ ᠳᠤᠮᠳᠠᠳᠤ ᠤᠯᠤᠰ ᠠᠩᠬ᠎ᠠ ᠤᠳᠠᠭ᠎ᠠ ᠳᠡᠯᠡᠬᠡᠢ ᠶᠢᠨ ᠲᠦᠷᠦᠭᠦᠦ ᠠᠷᠪᠠ ᠶᠢᠨ | ᠠᠵᠤ ᠠᠬᠤᠢ ᠶᠢᠨ ᠴᠣᠭᠴᠠ ᠲᠠᠢ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠲᠣᠭᠲᠠᠵᠤ ᠪᠠᠶᠢᠭ᠎ᠠ ᠶᠤᠮ᠂ ᠡᠨᠡ ᠨᠢ | ᠳᠤᠮᠳᠠᠳᠤ ᠤᠯᠤᠰ ᠪᠣᠯᠤᠨ ᠴᠢᠯᠥᠭᠡᠲᠦ ᠠᠷᠠᠯᠵᠢᠶᠠᠨ ᠤ ᠬᠠᠨᠢᠲᠠᠨ ᠯᠤᠭ᠎ᠠ ᠶᠢᠨ ᠠᠷᠠᠯᠵᠢᠶᠠᠨ ᠤ ᠪᠦᠷᠬᠦᠴᠡ ᠶᠢᠨ | ᠨᠤᠷᠮ᠎ᠠ ᠣᠳᠣᠬᠠᠨ ᠤ 27% ᠠᠴᠠ 35% ᠪᠣᠯᠭᠠᠨ ᠳᠡᠭᠡᠭᠰᠢᠯᠡᠭᠦᠯᠪᠡ᠃ | | | ᠬᠤᠳᠠᠯᠳᠤᠭᠠᠨ ᠤ ᠶᠠᠪᠤᠳᠠᠯ ᠤᠨ ᠶᠠᠮᠤᠨ ᠤ ᠰᠤᠳᠤᠯᠭᠠᠨ ᠤ ᠬᠦᠷᠢᠶᠡᠯᠡᠩ ᠤᠨ ᠣᠯᠠᠨ ᠤᠯᠤᠰ ᠤᠨ ᠵᠠᠬ᠎ᠠ | ᠳᠡᠯᠭᠡᠭᠦᠷ ᠤᠨ ᠰᠤᠳᠤᠯᠭᠠᠨ ᠤ ᠭᠠᠵᠠᠷ ᠤᠨ ᠳᠡᠳ᠋ ᠳᠠᠷᠤᠭ᠎ᠠ ᠪᠠᠶ ᠮᠢᠩ ᠬᠡᠯᠡᠬᠦ ᠳᠤ ᠪᠠᠨ᠂ RCEP ᠳᠤ ᠭᠠᠷ ᠤᠨ | ᠦᠰᠦᠭ ᠵᠢᠷᠤᠭᠰᠠᠨ ᠨᠢ ᠮᠠᠨ ᠤ ᠤᠯᠤᠰ ᠨᠠᠩ ᠪᠦᠬᠦ ᠲᠠᠯ᠎ᠠ ᠶᠢᠨ᠂ ᠨᠠᠩ ᠭᠦᠨᠵᠡᠭᠡᠶ᠂ ᠨᠠᠩ ᠣᠯᠠᠨ ᠡᠰᠢᠲᠦ | ᠭᠠᠳᠠᠭᠠᠳᠤ ᠨᠡᠭᠡᠭᠡᠯᠲᠡ ᠪᠠᠷ ᠳᠠᠮᠵᠢᠨ᠂ ᠭᠠᠳᠠᠭᠠᠳᠤ ᠠᠷᠠᠯᠵᠢᠶ᠎ᠠ ᠪᠣᠯᠤᠨ ᠪᠡᠯᠡ ᠣᠷᠣᠭᠤᠯᠤᠯᠲᠠ ᠶᠢᠨ | ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠤᠯᠠᠨ ᠤᠯᠤᠰ ᠤᠨ ᠥᠨᠳᠥᠷ ᠪᠠᠷᠢᠮᠵᠢᠶᠠᠲᠤ | ᠠᠷᠠᠯᠵᠢᠶᠠᠨ ᠤ ᠪᠡᠯᠡ ᠣᠷᠣᠭᠤᠯᠤᠯᠲᠠ ᠶᠢᠨ ᠲᠦᠷᠢᠮ ᠲᠠᠢ ᠲᠠᠰᠤᠷᠠᠯᠳᠠ ᠦᠭᠡᠢ ᠵᠣᠯᠭᠠᠭᠤᠯᠵᠤ᠂ ᠨᠡᠩ ᠥᠨᠳᠥᠷ | ᠲᠦᠪᠰᠢᠨ ᠪᠦᠬᠦᠢ ᠨᠡᠭᠡᠭᠡᠯᠲᠡᠲᠦ ᠬᠡᠯᠪᠡᠷᠢ ᠶᠢᠨ ᠠᠵᠤ ᠠᠬᠤᠶ ᠶᠢᠨ ᠰᠢᠨ᠎ᠡ ᠪᠠᠶᠢᠭᠤᠯᠤᠯ ᠢ ᠪᠠᠶᠢᠭᠤᠯᠬᠤ ᠳᠤ ᠬᠦᠴᠦᠨ | ᠨᠡᠮᠡᠷᠢᠯᠡᠬᠦ ᠪᠣᠯᠣᠨ᠎ᠠ ᠭᠡᠪᠡ᠃ | ᠣᠳᠣᠬᠠᠨ ᠳᠤ RCEP ᠶᠢᠨ ᠬᠠᠮᠤᠭ ᠡᠴᠦᠰ ᠤᠨ ᠬᠦᠴᠦᠨ ᠲᠠᠢ ᠪᠣᠯᠬᠤ ᠴᠠᠭ ᠬᠤᠭᠤᠴᠠᠭ᠎ᠠ ᠶᠢ | ᠬᠦᠯᠢᠶᠡᠬᠦ ᠪᠣᠯᠣᠨ᠎ᠠ᠄ ᠲᠣᠭᠲᠠᠭᠠᠯ ᠢ ᠦᠨᠳᠦᠰᠦᠯᠡᠪᠡᠯ᠂ RCEP ᠬᠡᠯᠡᠯᠴᠡᠭᠡᠷ ᠨᠢ 15 ᠪᠦᠷᠢᠯᠳᠦᠬᠦᠨ ᠤ | ᠳᠣᠲᠣᠷ᠎ᠠ ᠨᠠᠭᠠᠳᠤ ᠵᠠᠬ᠎ᠠ ᠳᠤ ᠪᠠᠨ 9 ᠨᠢ ᠵᠥᠪᠰᠢᠶᠡᠷᠡᠪᠡᠯ ᠰᠠᠶ᠋ᠢ ᠬᠦᠴᠦᠨ ᠲᠠᠢ ᠪᠣᠯᠣᠨ᠎ᠠ᠂ ᠡᠭᠦᠨ ᠳᠤ ᠵᠡᠭᠦᠨ | ᠡᠮᠦᠨᠡᠲᠦ ᠠᠽᠢᠶ᠎ᠠ ᠶᠢᠨ ᠬᠤᠯᠪᠣᠭᠠᠨ ᠤ 6 ᠪᠦᠷᠢᠯᠳᠦᠬᠦᠨ ᠤᠯᠤᠰ ᠪᠣᠯᠣᠨ ᠳᠤᠮᠳᠠᠳᠤ ᠤᠯᠤᠰ᠂ ᠶᠠᠫᠣᠨ᠂ ᠺᠣᠷᠢᠶᠠ᠂ | ᠠᠦ᠋ᠰᠲᠷᠠᠯᠢᠶ᠎ᠠ ᠪᠠ ᠰᠢᠨ᠎ᠡ ᠽᠢᠯᠠᠨᠳ᠋ ᠤᠨ ᠳᠤᠮᠳᠠ ᠠᠴᠠ ᠠᠳᠠᠭ ᠲᠤ ᠪᠠᠨ 3 ᠤᠯᠤᠰ ᠨᠢ ᠵᠥᠪᠰᠢᠶᠡᠷᠡᠭᠰᠡᠨ ᠪᠠᠶᠢᠬᠤ | ᠬᠡᠷᠡᠭᠲᠡᠢ᠃ | ᠸᠠᠩ ᠱᠸᠦ ᠸᠧᠨ ᠲᠠᠨᠢᠯᠴᠠᠭᠤᠯᠬᠤ ᠳᠤ ᠪᠠᠨ᠂ ᠵᠠᠯᠭᠠᠭᠠᠳ RCEP ᠶᠢᠨ ᠡᠯ᠎ᠡ ᠪᠦᠷᠢᠯᠳᠦᠬᠦᠨ ᠲᠤᠰ | ᠲᠤᠰ ᠤᠯᠤᠰ ᠤᠨ ᠳᠣᠲᠣᠭᠠᠳᠤ ᠶᠢᠨ ᠬᠠᠤᠯᠢ ᠴᠠᠭᠠᠵᠠ ᠶᠢᠨ ᠬᠢᠨᠠᠨ ᠵᠥᠪᠰᠢᠶᠡᠷᠡᠬᠦ ᠵᠢᠷᠤᠮ ᠢ ᠭᠦᠢᠴᠡᠳᠬᠡᠵᠦ᠂ | ᠬᠡᠯᠡᠯᠴᠡᠭᠡᠷ ᠤᠨ ᠡᠷᠲᠡᠬᠡᠨ ᠬᠦᠴᠦᠨ ᠲᠠᠢ ᠬᠡᠷᠡᠭᠵᠢᠭᠦᠯᠦᠭᠳᠡᠬᠦ ᠶᠢ ᠴᠢᠷᠮᠠᠶᠢᠨ ᠠᠬᠢᠭᠤᠯᠤᠨ᠎ᠠ᠃ ᠡᠯ᠎ᠡ ᠤᠯᠤᠰ ᠨᠢᠭᠡᠨᠲᠡ | ᠤᠯᠤᠰ ᠤᠨ ᠳᠣᠲᠣᠭᠠᠳᠤ ᠶᠢᠨ ᠵᠥᠪᠰᠢᠶᠡᠷᠡᠯ ᠤᠨ ᠳᠡᠰ ᠳᠠᠷᠠᠭᠠᠯᠠᠯ ᠢᠶᠠᠨ ᠲᠥᠷᠭᠡᠳᠬᠡᠵᠦ᠂ ᠳᠤᠮᠳᠠᠳᠤ ᠤᠯᠤᠰ ᠴᠤ | ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠴᠢᠷᠮᠠᠶᠢᠵᠤ᠂ RCEP ᠬᠡᠯᠡᠯᠴᠡᠭᠡᠷ ᠢ ᠲᠤᠰ ᠭᠠᠵᠠᠷ ᠣᠷᠣᠨ ᠤ ᠠᠵᠤ | ᠠᠬᠤᠶᠢᠯᠠᠯ ᠪᠠ ᠠᠷᠠᠳ ᠲᠦᠮᠡᠨ ᠳᠤ ᠡᠷᠲᠡᠬᠡᠨ ᠠᠰᠢᠭ ᠬᠦᠷᠲᠡᠭᠦᠯᠬᠦ ᠪᠠᠷ ᠴᠢᠷᠮᠠᠶᠢᠨ᠎ᠠ ᠭᠡᠪᠡ᠃ | ︽ᠬᠡᠯᠡᠯᠴᠡᠭᠡᠷ ᠲᠤ ᠭᠠᠷ ᠤᠨ ᠦᠰᠦᠭ ᠵᠢᠷᠤᠭᠰᠠᠨ ᠨᠢ ᠵᠥᠪᠬᠡᠨ ᠡᠬᠢᠯᠡᠯᠲᠡ ᠲᠡᠳᠦᠶ ᠶᠤᠮ᠂ RCEP ᠨᠢ | ᠲᠤᠰ ᠭᠠᠵᠠᠷ ᠣᠷᠣᠨ ᠳᠤ ᠨᠢᠭᠡᠨ ᠲᠠᠪᠴᠠᠩ ᠬᠠᠩᠭᠠᠪᠠ᠂ ᠡᠯ᠎ᠡ ᠲᠠᠯ᠎ᠠ ᠶᠢᠨ ᠬᠢᠨ ᠡᠨᠡ ᠬᠦ ᠰᠠᠭᠤᠷᠢᠨ ᠳᠡᠭᠡᠷ᠎ᠡ ᠤᠯᠠᠮ | ᠨᠢᠭᠡ ᠠᠯᠬᠤᠮ ᠬᠠᠮᠲᠤᠷᠠᠯᠴᠠᠨ᠂ ᠠᠷᠠᠯᠵᠢᠶᠠᠨ ᠤ ᠪᠡᠯᠡ ᠣᠷᠣᠭᠤᠯᠤᠯᠲᠠ ᠪᠠᠷ ᠨᠡᠩ ᠥᠨᠳᠥᠷ ᠲᠦᠪᠰᠢᠨ ᠪᠦᠬᠦᠢ | ᠴᠢᠯᠥᠭᠡᠵᠢᠯᠲᠡ ᠳᠥᠭᠦᠮᠴᠢᠯᠡᠯᠲᠡ ᠶᠢ ᠪᠡᠶᠡᠯᠡᠭᠦᠯᠬᠦ ᠬᠡᠷᠡᠭ ᠲᠠᠢ ᠶᠤᠮ︾ ᠭᠡᠵᠦ ᠸᠠᠩ ᠱᠸᠦ ᠸᠧᠨ ᠬᠡᠯᠡᠪᠡ᠃ |