ᠤᠶᠤᠨᠪᠢᠯᠢᠭ᠌ ᠤᠨ ᠰᠢᠯᠦᠭ
ᠨᠡᠶᠢᠲᠡᠯᠡᠭᠰᠡᠨ ᠴᠠᠭ᠄
2020/11/2
     ᠡᠪ ᠬᠠᠮᠲᠤ ᠨᠠᠮ ᠤᠨ ᠪᠠᠨ ᠡᠯᠢᠭᠡᠨ ᠬᠠᠶᠢᠷ᠎ᠠ ᠳᠤ ᠪᠢᠲᠠ ᠪᠠᠶᠠᠨ                                          ᠵᠤᠬᠢᠶᠠᠭᠴᠢ᠄ ᠤᠶᠤᠨᠪᠢᠯᠢᠭ᠌ᠡᠵᠢ ᠲᠠᠢ ᠪᠠᠨ ᠪᠠᠶᠢᠬᠤ ᠳᠤ ᠪᠠᠶᠠᠨ ᠪᠠᠶᠢᠳᠠᠭ ᠰᠢᠭ ᠡᠬᠡ ᠤᠷᠤᠨ ᠤ ᠪᠠᠨ ᠡᠯᠢᠭᠡᠨ ᠳᠤ ᠡᠪ ᠬᠠᠮᠲᠤ ᠨᠠᠮ ᠲᠠᠢ ᠲᠠᠭᠠᠨ ᠪᠢᠲᠠ ᠪᠠᠶᠠᠨ ᠡᠡᠷᠡᠮᠲᠡᠭ ᠵᠡᠷᠡᠮᠲᠡᠭ ᠨᠢᠭᠡᠨ ᠪᠠᠨ ᠡᠯᠢᠭᠡ ᠪᠦᠲᠥᠨ ᠵᠠᠶᠠᠭ᠎ᠠ ᠲᠥᠰᠢᠭᠦᠯᠵᠤ ᠡᠬᠡ ᠪᠠᠶᠢᠭᠠᠯᠢ ᠶᠢᠨ ᠪᠠᠨ ᠡᠪ ᠵᠤᠬᠢᠴᠠᠯ ᠢ ᠡᠶ᠎ᠡ ᠨᠠᠶᠢᠷᠠᠮᠳᠠᠭᠤ ᠪᠠᠶᠢᠯᠭᠠᠭᠰᠠᠨ      ᠡᠪ ᠬᠠᠮᠲᠤ  ᠨᠠᠮ ᠤᠨ ᠪᠠᠨ ᠡᠯᠢᠭᠡᠨ ᠬᠠᠶᠢᠷ᠎ᠠ ᠳᠤ ᠡᠬᠡ ᠤᠷᠤᠨ ᠲᠠᠢ ᠪᠠᠨ ᠪᠢᠲᠠ ᠪᠠᠶᠠᠨ ᠮᠥᠷᠥ ᠪᠥᠲᠥᠨ ᠭᠡᠳᠡᠰᠤ ᠴᠠᠳᠬᠤᠯᠠᠩ ᠠᠴᠠ ᠮᠤᠨᠲᠠᠭ ᠠᠮᠢᠳᠤᠷᠠᠯ ᠢ ᠲᠠᠩᠰᠤᠭ ᠡᠳᠡᠯᠡᠵᠤ ᠮᠠᠭᠤ ᠨᠠᠪᠲᠠᠷᠬᠠᠢ ᠭᠡᠷ ᠪᠠᠶᠢᠰᠢᠩ ᠠᠴᠠ ᠪᠠᠨ ᠮᠤᠯᠤᠷ ᠪᠤᠯᠤᠷ ᠪᠠᠭᠤᠴᠠ ᠲᠥᠪᠬᠢᠨᠡᠭᠰᠡᠨ      ᠡᠪ ᠬᠠᠮᠲᠤ ᠨᠠᠮ ᠤᠨ ᠪᠠᠨ ᠡᠯᠢᠭᠡᠨ ᠬᠠᠶᠢᠷ᠎ᠠ ᠳᠤ ᠡᠬᠡ ᠤᠷᠤᠨ ᠲᠠᠢ ᠪᠠᠨ ᠪᠢᠲᠠ ᠪᠠᠶᠠᠨ ᠲᠤᠰᠬᠤᠨ ᠳᠤ ᠲᠤᠮᠢᠯᠠᠭᠳᠠᠭᠰᠠᠨ ᠠᠵᠢᠯᠯᠠᠬᠤ ᠠᠩᠭᠢ ᠨᠢ ᠲᠤᠳᠤᠨᠤᠰᠤᠭ ᠪᠦᠷᠢᠨ ᠥᠢᠯᠡᠴᠢᠯᠡᠭᠡ ᠲᠠᠢ ᠬᠠᠪᠰᠤᠷᠤᠨ ᠲᠡᠳᠬᠦᠭᠰᠡᠨ ᠬᠠᠷᠢᠭᠤᠴᠠᠯᠭᠠᠲᠠᠨ ᠨᠢᠭᠡᠴᠡ ᠨᠢ ᠬᠠᠶᠢᠷ᠎ᠠ ᠶᠢᠨ ᠬᠠᠯᠠᠭᠤᠨ ᠭᠠᠷ ᠲᠠᠢ      ᠡᠪ ᠬᠠᠮᠲᠤ ᠨᠠᠮ ᠤᠨ ᠪᠠᠨ ᠡᠯᠢᠭᠡᠨ ᠬᠠᠶᠢᠷ᠎ᠠ ᠳᠤ ᠡᠬᠡ ᠤᠷᠤᠨ ᠲᠠᠢ ᠪᠠᠨ ᠪᠢᠲᠠ ᠪᠠᠶᠠᠨᠰᠢ ᠶᠢᠨ ᠫᠢᠩ ᠤᠨ ᠰᠢᠨ᠎ᠡ ᠴᠠᠭ ᠲᠤ  ᠰᠢᠨ᠎ᠡ ᠡᠷᠡᠨ ᠤ ᠪᠤᠯᠪᠠᠰᠤᠨ ᠥᠢᠯᠡᠳᠦᠯᠭᠡ ᠲᠠᠢ ᠰᠢᠨᠵᠢᠯᠡᠬᠦ ᠮᠡᠷᠭᠡᠵᠢᠯ ᠤᠨ ᠠᠯᠤᠰ ᠤᠨ ᠬᠠᠷᠭᠤᠢ ᠢ ᠰᠢᠮᠲᠠᠵᠤ ᠰᠤᠷᠤᠯᠴᠠᠭᠤᠯᠬᠤ ᠰᠠᠶᠢᠬᠠᠨ ᠪᠤᠳᠤᠯᠭ᠎ᠠ ᠲᠠᠢ      ᠡᠪ ᠬᠠᠮᠲᠤ ᠨᠠᠮ ᠤᠨ ᠪᠠᠨ ᠡᠯᠢᠭᠡᠨ ᠬᠠᠶᠢᠷ᠎ᠠ ᠳᠤ ᠡᠬᠡ ᠤᠷᠤᠨ ᠲᠠᠢ ᠪᠠᠨ ᠪᠢᠲᠠ ᠪᠠᠶᠠᠨᠡᠬᠡ ᠤᠯᠤᠰ ᠤᠨ ᠮᠠᠨᠢ ᠡᠯ᠎ᠡ ᠭᠠᠵᠠᠷ ᠲᠤ ᠡᠰᠨᠢᠯ ᠮᠠᠨᠳᠤᠯ ᠤᠨ ᠪᠥᠷᠢᠶ᠎ᠡ ᠬᠠᠩᠭᠢᠨᠠᠯ᠎ᠠ  ᠡᠯᠢᠭᠡᠨ ᠲᠥᠮᠡᠨ ᠬᠤᠰᠢᠭᠤ ᠰᠢᠶᠠᠨ ᠮᠠᠨᠢ ᠡᠷᠡᠨ ᠴᠠᠭ ᠲᠠᠢ ᠪᠠᠨ ᠵᠡᠷᠭᠡᠪᠡᠷ ᠴᠢᠨᠡᠭᠡᠯᠢᠭᠵᠢᠯ᠎ᠡ      ᠡᠪ ᠬᠠᠮᠲᠤ ᠨᠠᠮ ᠤᠨ ᠪᠠᠨ ᠡᠯᠢᠭᠡᠨ ᠬᠠᠶᠢᠷ᠎ᠠ ᠳᠤ ᠡᠬᠡ ᠤᠷᠤᠨ ᠲᠠᠢ ᠪᠠᠨ ᠪᠢᠲᠠ ᠪᠠᠶᠠᠨᠪᠠᠶᠠᠵᠢᠯ ᠴᠢᠨᠡᠭᠡᠯᠢᠭᠵᠢᠯ ᠤᠨ ᠠᠯᠲᠠᠨ ᠬᠠᠷᠭᠤᠢ ᠳᠤ ᠪᠠᠷᠠᠭᠤᠨ ᠰᠦᠨᠢᠳ ᠮᠠᠨᠢ ᠪᠠᠭ᠋ᠠᠷᠬᠠᠯ ᠲᠠᠢ ᠠᠷᠠᠳ ᠲᠤ ᠠᠰᠢᠭᠲᠠᠢ ᠲᠥᠷᠥ ᠶᠢᠨ ᠪᠤᠳᠤᠯᠭ᠎ᠠ ᠶᠢᠠᠶᠠᠯᠠᠭᠤᠯᠤᠨ ᠲᠠᠭᠤᠯᠠᠭᠠᠳ ᠪᠠᠷᠠᠰᠢ ᠥᠭᠡᠢ      ᠡᠪ ᠬᠠᠮᠲᠤ ᠨᠠᠮ ᠤᠨ ᠪᠠᠨ ᠡᠯᠢᠭᠡᠨ ᠬᠠᠶᠢᠷ᠎ᠠ ᠳᠤ ᠡᠬᠡ ᠤᠷᠤᠨ ᠲᠠᠢ ᠪᠠᠨ ᠪᠢᠲᠠ ᠪᠠᠶᠠᠨᠲᠤᠯᠭᠤᠷ ᠵᠤᠷᠢᠯᠲᠠ ᠪᠠᠨ ᠮᠠᠷᠲᠠᠯ ᠥᠭᠡᠢ ᠲᠠᠷᠬᠠᠨ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠎ᠡ ᠲᠤᠮᠲᠠᠲᠤ ᠶᠢᠨ ᠬᠦᠰᠡᠯᠡᠩ ᠪᠠᠨ ᠪᠡᠶᠡᠯᠡᠭᠦᠯᠬᠦ ᠪᠠᠷ ᠲᠠᠭᠤᠯᠠᠭᠠᠳ ᠬᠠᠶᠢᠯᠤᠭᠠᠳ ᠪᠠᠷᠠᠰᠢ ᠥᠭᠡᠢ      ᠡᠪ ᠬᠠᠮᠲᠤ ᠨᠠᠮ ᠤᠨ ᠪᠠᠨ ᠡᠯᠢᠭᠡᠨ ᠬᠠᠶᠢᠷ᠎ᠠ ᠳᠤ ᠡᠬᠡ ᠤᠷᠤᠨ ᠲᠠᠢ ᠪᠠᠨ ᠪᠢᠲᠠ ᠪᠠᠶᠠᠨ      ᠡᠪ ᠬᠠᠮᠲᠤ ᠨᠠᠮ ᠤᠨ ᠪᠠᠨ ᠡᠯᠢᠭᠡᠨ ᠬᠠᠶᠢᠷ᠎ᠠ ᠪᠠᠷ ——        ᠡᠬᠡ ᠤᠷᠤᠨ ᠲᠠᠢ ᠪᠠᠨ ᠪᠢ ᠪᠠᠶᠠᠨ  ᠂ ᠡᠬᠡ ᠤᠷᠤᠨ ᠲᠠᠢ ᠪᠠᠨ ᠪᠢᠲᠠ ᠪᠠᠶᠠᠨ ᠡ᠂᠂᠂᠂᠂᠂    ᠤᠶᠤᠨᠪᠢᠯᠢᠭ᠌    ᠰᠦᠨᠢᠳ ᠪᠠᠷᠠᠭᠤᠨ ᠬᠤᠰᠢᠭᠤᠨ ᠤ ᠶᠠᠳᠠᠭᠤ ᠶᠢ ᠳᠡᠳᠬᠦᠬᠦ ᠠᠯᠪᠠᠨ ᠬᠡᠷ ᠤᠨ ᠲᠦᠷᠦ ᠶᠢᠨ ᠪᠤᠳᠤᠯᠭ᠎ᠠ ᠬᠠᠤᠯᠢ ᠳᠦᠷᠢᠮ ᠤᠨ ᠲᠠᠰᠤᠭ ᠤᠨ ᠡᠷᠬᠢᠯᠡᠭᠴᠢ᠂ ᠣᠳᠣ ᠰᠠᠶᠢᠬᠠᠨᠳᠠᠯ᠎ᠠ ᠪᠠᠯᠭᠠᠰᠤᠨ ᠤ ᠨᠤᠮᠢᠨᠲᠠᠯ᠎ᠠ ᠭᠠᠴᠠᠭᠠᠨ ᠳᠤ ᠲᠤᠮᠢᠯᠠᠭᠳᠠᠭᠰᠠᠨ ᠠᠵᠢᠯᠯᠠᠬᠤ ᠠᠩᠭᠢ ᠶᠢᠨ ᠬᠡᠰᠢᠭᠦᠨ ᠢᠶᠠᠷ ᠠᠵᠢᠯᠯᠠᠵᠦ ᠪᠤᠢ᠃ 2004 ᠤᠨ ᠠᠴᠠ ᠨᠠᠰᠢ ᠲᠦᠪ ᠤᠷᠤᠨ ᠠᠶᠢᠮᠠᠭ ᠤᠨ  ᠡᠯ᠎ᠡ ᠲᠦᠷᠦᠯ ᠤᠨ ᠰᠤᠨᠢᠨ ᠮᠡᠳᠡᠭᠡᠨ ᠤ ᠵᠠᠭᠤᠴᠢᠯᠠᠭᠤᠷ ᠳᠤ ᠮᠡᠳᠡᠭᠡ ᠴᠢᠮᠡᠭᠡᠯᠡᠯ ᠨᠠᠶᠢᠷᠠᠭᠤᠯᠤᠯ ᠵᠡᠷᠭᠡ ᠵᠤᠬᠢᠶᠠᠯ ᠪᠦᠲᠦᠭᠡᠯ ᠢᠶᠠᠨ ᠤᠯᠠᠨᠲᠠ ᠨᠡᠶᠢᠲᠡᠯᠡᠭᠦᠯᠵᠦ᠂ ᠠᠶᠢᠮᠠᠭ ᠬᠤᠰᠢᠭᠤ ᠱᠠᠳᠤᠨ ᠤ ᠭᠠᠳᠠᠭᠰᠢ ᠤᠬᠠᠭᠤᠯᠭ᠎ᠠ ᠶᠢᠨ ᠲᠡᠷᠢᠬᠦᠨ ᠤ ᠬᠤᠪᠢ ᠬᠦᠮᠦᠨ ᠤ ᠢᠷᠠᠭᠤ ᠠᠯᠳᠠᠷ ᠢᠶᠠᠷ ᠤᠯᠠᠨ ᠤᠳᠠᠭ᠎ᠠ ᠡᠩᠬᠡᠷ ᠢᠶᠠᠨ ᠮᠢᠯᠢᠶᠠᠯᠭᠠᠵᠦ ᠢᠷᠡᠯ᠎ᠡ᠃  ᠲᠡᠷᠡᠪᠡᠷ ᠭᠠᠴᠠᠭᠠᠨ ᠳᠤ ᠲᠤᠮᠢᠯᠠᠭᠳᠠᠭᠰᠠᠨ ᠭᠤᠷᠪᠠᠨ ᠵᠢᠯ ᠭᠠᠷᠤᠢ ᠶᠢᠨ ᠲᠤᠷᠰᠢ᠂ ᠨᠠᠮ ᠤᠨ ᠪᠠᠶᠢᠭᠤᠯᠤᠯᠳᠠ ᠪᠠᠷ ᠶᠠᠳᠠᠭᠤ ᠠᠴᠠ ᠠᠩᠬᠢᠵᠢᠷᠠᠭᠤᠯᠬᠤ ᠶᠢ ᠠᠬᠢᠭᠤᠯᠵᠦ᠂ ᠤᠶᠤᠨ ᠤᠬᠠᠭᠠᠨ ᠢᠳᠡᠬᠡᠯ ᠵᠤᠷᠢᠭ ᠢᠶᠠᠷ ᠶᠠᠳᠠᠭᠤ ᠶᠢ ᠳᠡᠳᠬᠦᠬᠦ᠂ ᠨᠡᠶᠢᠳᠡᠯᠢᠭ ᠵᠢᠱᠢᠶ᠎ᠡ ᠶᠢ ᠳᠡᠯᠭᠡᠷᠡᠭᠦᠯᠬᠦ᠂ ᠭᠠᠳᠠᠭᠰᠢ ᠤᠬᠠᠭᠤᠯᠬᠤ᠂ ᠰᠢᠨ᠎ᠡ ᠴᠠᠭ ᠦᠶ᠎ᠡ ᠶᠢᠨ ᠪᠤᠯᠪᠠᠰᠤᠨ ᠦᠢᠯᠡᠳᠦᠯᠬᠡ ᠪᠠᠷ ᠲᠠᠶᠢᠴᠢᠯᠠᠨ ᠳᠠᠭᠠᠭᠤᠯᠬᠤ᠂ ᠮᠠᠯᠴᠢᠳ ᠲᠤ ᠤᠶᠢᠯᠭᠠᠮᠵᠢᠲᠠᠢ ᠬᠡᠯᠡ ᠬᠡᠯᠡᠯᠬᠡ ᠬᠦᠯᠢᠶᠡᠵᠦ ᠠᠪᠬᠤ ᠲᠤᠷᠠᠳᠠᠢ ᠠᠷᠭ᠎ᠠ ᠬᠡᠯᠪᠡᠷᠢ ᠪᠠᠷ ᠲᠦᠷᠦ ᠶᠢᠨ ᠪᠤᠳᠤᠯᠭ᠎ᠠ ᠶᠢ ᠡᠵᠡᠮᠰᠢᠭᠦᠯᠬᠦ ᠵᠡᠷᠬᠡ ᠪᠠᠷ ᠤᠨᠴᠠᠯᠢᠭᠳᠠᠬᠤ ᠤᠬᠢ ᠰᠠᠶᠢᠨ ᠶᠠᠷᠢᠶ᠎ᠠ ᠬᠡᠯᠡᠯᠴᠡᠬᠡᠨ ᠤ ᠠᠭᠤᠷ ᠠᠮᠢᠰᠬᠤᠯ ᠢ ᠪᠠᠳᠠᠷᠠᠭᠤᠯᠤᠨ ᠠᠵᠢᠯᠯᠠᠭᠰᠠᠭᠠᠷ ᠪᠠᠶᠢᠨ᠎ᠠ
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号