ᠤᠨᠴᠠᠯᠢᠭᠳᠤ ᠠᠵᠤ ᠦᠢᠯᠡᠰ ᠨᠢ ᠮᠠᠯᠴᠢᠳ ᠤᠨ ᠤᠷᠤᠯᠭ᠎ᠠ ᠶᠢ ᠨᠡᠮᠡᠭᠳᠡᠬᠦᠯᠬᠦ ︽ᠡᠳ᠋ ᠤᠨ ᠰᠠᠩ︾ ᠪᠤᠯᠵᠤ ᠪᠠᠶᠢᠨ᠎ᠠ
ᠨᠡᠶᠢᠲᠡᠯᠡᠭᠰᠡᠨ ᠴᠠᠭ᠄
2020/11/2
                    ᠡᠬᠡ ᠪᠢᠴᠢᠭ᠄  ᠳᠡᠯᠭᠡᠷᠴᠡᠴᠡᠭ      ᠵᠢᠷᠤᠭ᠄ ᠬᠠᠶᠢᠷ᠎ᠠ      ᠮᠠᠯ ᠠᠵᠤ ᠠᠬᠤᠢ ᠪᠠᠷ ᠭᠤᠤᠯᠯᠠᠭᠰᠠᠨ ᠬᠤᠰᠢᠭᠤ ᠪᠤᠯᠤᠭᠰᠠᠨ ᠤ ᠬᠤᠪᠢ ᠳᠤ ᠤᠯᠠᠮᠵᠢᠯᠠᠯᠲᠤ ᠲᠡᠵᠢᠭᠡᠨ ᠦᠷᠡᠵᠢᠭᠦᠯᠬᠦ ᠦᠢᠯᠡᠰ ᠪᠣᠯ ᠮᠠᠨ ᠤ ᠬᠤᠰᠢᠭᠤᠨ ᠤ ᠳᠠᠪᠠᠭᠤᠯᠢᠭ ᠠᠵᠤ ᠦᠢᠯᠡᠰ ᠪᠠᠶᠢᠵᠤ᠂  ᠤᠳᠤᠬᠠᠨ ᠳᠤ᠂ ᠮᠠᠯ ᠤᠨ ᠠᠰᠢᠭ ᠰᠢᠮ᠎ᠡ ᠳᠤ ᠲᠦᠰᠢᠭᠯᠡᠭᠰᠡᠨ ᠴᠠᠭᠠᠨ ᠢᠳᠡᠭᠡᠨ᠂ ᠪᠤᠷᠴᠠ᠂ ᠢᠰᠡᠬᠡᠢ ᠤᠷᠠᠯᠠᠯ ᠵᠡᠷᠭᠡ ᠡᠯ᠎ᠡ ᠲᠥᠷᠥᠯ ᠎ ᠤᠨ ᠪᠣᠬᠢᠷᠲᠤᠯ ᠦᠭᠡᠶ  ᠪᠠᠶᠢᠭᠠᠯᠢᠯᠢᠭ ᠪᠦᠲᠦᠭᠡᠭᠳᠡᠬᠦᠨ ᠡᠳ᠋ᠰᠢᠭᠦᠯᠬᠦ ᠠᠵᠤ ᠠᠬᠤᠶᠢᠯᠠᠯ᠂ ᠵᠢᠵᠢᠭ ᠦᠢᠯᠡᠳᠭᠡᠯ ᠤᠨ ᠭᠠᠵᠠᠷ ᠵᠡᠷᠬᠡ ᠤᠨᠴᠠᠯᠢᠭᠲᠤ ᠠᠵᠤ ᠦᠢᠯᠡᠰ ᠠᠯᠬᠤᠮ ᠠᠯᠬᠤᠮ ᠢᠶᠠᠷ ᠬᠥᠭᠵᠢᠵᠦ᠂ ᠤᠷᠤᠨ ᠨᠤᠳᠤᠭ ᠤᠨ ᠠᠵᠤ ᠠᠬᠤᠢ ᠤᠨ ᠬᠥᠭᠵᠢᠯᠲᠡ ᠶᠢ ᠠᠬᠢᠭᠤᠯᠵᠦ ᠮᠠᠯᠴᠢᠳ ᠤᠨ ᠤᠷᠤᠯᠭ᠎ᠠ ᠶᠢ ᠨᠡᠮᠡᠭᠳᠡᠬᠦᠯᠵᠦ ᠪᠠᠶᠢᠨ᠎ᠠ᠃      ᠠᠴᠢᠳᠤᠠᠭᠤᠯᠠ ᠰᠤᠮᠤᠨ ᠤ ᠰᠠᠶᠢᠬᠠᠨᠰᠢᠯᠢ ᠭᠠᠴᠠᠭᠠᠨ ᠤ ᠪᠢᠯᠢᠭᠲᠦ ᠶᠢᠨ ᠳᠤ ᠬᠦᠷᠬᠦ ᠳᠤ᠂ ᠭᠡᠷᠭᠡᠢ ᠰᠠᠷᠠᠨ᠎ᠠ ᠎ ᠨᠢ ᠴᠠᠭᠠᠨ ᠢᠳᠡᠭᠡ ᠪᠠᠨ ᠬᠢᠵᠦ ᠶᠠᠭᠠᠷᠠᠨ᠎ᠠ᠃ ᠴᠠᠬᠢᠯᠭᠠᠨ ᠢᠶᠠᠷ ᠬᠠᠯᠠᠭᠠᠵᠤ ᠵᠢᠭᠤᠷᠠᠬᠤ ᠲᠦᠬᠦᠭᠡᠷᠦᠮᠵᠢ ᠨᠢ ᠴᠠᠭ ᠪᠠ ᠬᠥᠮᠦᠨ ᠤ ᠬᠦᠴᠦ ᠶᠢ ᠶᠡᠬᠡᠬᠡᠨ ᠠᠷᠪᠢᠯᠠᠭᠰᠠᠨ ᠢᠶᠠᠷ ᠬᠤᠷᠤᠳ ᠬᠢᠬᠦ ᠦᠷ᠎ᠡ ᠪᠦᠲᠦᠮᠵᠢ ᠪᠠᠭ᠎ᠠ ᠪᠤᠰᠤ ᠳᠡᠭᠡᠭᠰᠢᠯᠡᠵᠡᠢ᠃ ᠪᠢᠯᠢᠭᠲᠦ ᠪᠣᠯ ᠳᠤᠰ ᠰᠤᠮᠤᠨ ᠤ ᠪᠠᠨ ᠪᠠᠶᠠᠵᠢᠯ ᠤᠨ ᠳᠠᠭᠠᠭᠤᠯᠤᠭᠴᠢ ᠪᠥᠭᠡᠳ ᠭᠠᠴᠠᠭᠠᠨ ᠤ ᠨᠠᠮ ᠤᠨ ᠭᠡᠰᠢᠭᠦᠨ ᠭᠤᠣᠯᠳᠠᠯᠭᠠᠲᠤ ᠡᠷᠦᠬᠡ᠃ ᠲᠡᠷᠡ ᠨᠠᠮ ᠤᠨ ᠭᠡᠰᠢᠭᠦᠨ  ᠭᠤᠤᠯᠳᠠᠯᠭᠠᠳᠤ ᠡᠷᠦᠬᠡ ᠶᠢᠨ ᠡᠭᠦᠷᠭᠡ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢᠶᠠᠨ ᠢᠳᠡᠪᠬᠢᠲᠡᠢ ᠬᠤᠪᠢᠷᠠᠭᠤᠯᠵᠤ᠂ ︽ᠬᠤᠨᠢ  ᠎ ᠶᠢ  ᠰᠢᠯᠢᠳᠡᠭᠵᠢᠭᠦᠯᠦᠨ ᠦᠬᠡᠷ ᠦᠰᠬᠡᠬᠦ︾ ᠪᠠᠶᠢᠯᠳᠤᠬᠤ ᠪᠣᠳᠣᠯᠭ᠎ᠠ ᠶᠢ ᠴᠤᠤᠷᠢᠶᠠᠲᠤᠨ ᠳᠠᠭᠠᠵᠤ᠂ ᠮᠠᠯ ᠰᠦᠷᠦᠭ ᠤᠨ ᠪᠦᠲᠦᠴᠡ ᠳᠤ ᠪᠠᠨ ᠠᠯᠬᠤᠮ ᠠᠯᠬᠤᠮ ᠢᠶᠠᠷ  ᠳᠤᠬᠢᠷᠠᠭᠤᠯᠤᠯᠳᠠ ᠬᠢᠵᠦ᠂ 2011 ᠣᠨ ᠳᠤ ᠬᠤᠨᠢ ᠪᠠᠨ ᠪᠦᠬᠦᠨ ᠢ  ᠬᠤᠳᠠᠯᠳᠤᠨ ᠰᠢᠮᠧᠨ᠋ᠲ᠋ᠠᠷ ᠦᠬᠡᠷ ᠬᠤᠳᠠᠯᠳᠤᠨ ᠠᠪᠤᠭᠠᠳ᠂ 2014 ᠣᠨ ᠠᠴᠠ ᠡᠬᠢᠯᠡᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠠᠵᠤ ᠦᠢᠯᠡᠰ ᠢ ᠬᠦᠭᠵᠢᠬᠦᠯᠦᠨ᠂ 2016 ᠣᠨ ᠳᠤ ᠭᠡᠷ ᠪᠦᠯᠢ ᠶᠢᠨ ᠮᠠᠯᠵᠢᠯ ᠤᠨ ᠲᠠᠯᠠᠪᠠᠢ ᠪᠠᠶᠢᠭᠤᠯᠵᠤ᠂ 2018 ᠣᠨ ᠳᠤ ᠰᠤᠮᠤᠨ ᠤ ︽1+3︾ ᠢᠨᠵᠧᠨᠧᠷᠢᠩ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠳᠠᠭᠠᠭᠤᠯᠭ᠎ᠠ ᠳᠣᠣᠷ᠎ᠠ᠂ ︽ᠱᠢᠷᠦ ᠴᠠᠭᠠᠨ ᠢᠳᠡᠭᠡᠨ ᠤ ᠰᠠᠭᠤᠷᠢᠨ ᠭᠠᠵᠠᠷ︾᠎ ᠢ ᠪᠠᠶᠢᠭᠤᠯᠤᠨ᠂ ᠤᠯᠠᠮᠵᠢᠯᠠᠯᠲᠤ ᠪᠠ ᠣᠳᠣ ᠦᠶ᠎ᠡ ᠶᠢ ᠤᠶᠠᠯᠳᠤᠭᠤᠯᠤᠭᠰᠠᠨ ᠴᠠᠭᠠᠨ ᠢᠳᠡᠭᠡᠨ ᠤ ᠠᠵᠤ ᠦᠢᠯᠡᠰ ᠢ ᠬᠥᠭᠵᠢᠭᠦᠯᠵᠦ᠂  ᠤᠳᠤᠬᠠᠨ ᠳᠤ 10 ᠭᠠᠷᠤᠢ ᠲᠦᠷᠦᠯ ᠤᠨ ᠴᠠᠭᠠᠨ ᠢᠳᠡᠭᠡᠨ  ᠬᠤᠳᠠᠯᠳᠤᠨ᠂ ᠮᠢᠬᠠᠨ ᠎ ᠤ ᠦᠬᠡᠷ ᠪᠠ ᠴᠠᠭᠠᠨ ᠢᠳᠡᠭᠡᠨ ᠤ ᠠᠵᠤ ᠦᠢᠯᠡᠰ ᠢ ᠬᠥᠭᠵᠢᠭᠦᠯᠬᠦ ᠪᠠᠷ ᠳᠠᠮᠵᠢᠨ ᠨᠢᠳᠤᠨᠤᠨ ᠤ ᠭᠡᠷ ᠪᠦᠯᠢ ᠶᠢᠨ ᠶᠡᠷᠦᠩᠬᠡᠢ ᠣᠷᠣᠯᠭ᠎ᠠ 50 ᠭᠠᠷᠤᠢ ᠲᠦᠮᠡᠨ ᠲᠥᠭᠦᠷᠢᠭ ᠲᠤ ᠬᠦᠷᠦᠭᠰᠡᠨ ᠪᠠᠶᠢᠨ᠎ᠠ᠃ ᠡᠭᠦᠨ ᠤ ᠬᠠᠮᠲᠤ ᠲᠡᠷᠡ 3 ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠨ ᠲᠤᠷᠰᠢᠯᠭ᠎ᠠ ᠮᠡᠷᠭᠡᠵᠢᠯ ᠵᠢᠭᠠᠨ ᠰᠤᠷᠭᠠᠬᠤ ᠶᠢᠨ ᠬᠠᠮᠳᠤ ᠬᠦᠯᠦᠰᠯᠡᠨ ᠠᠵᠢᠯᠯᠠᠭᠤᠯᠵᠦ ᠣᠷᠣᠯᠭ᠎ᠠ ᠶᠢ ᠨᠢ ᠨᠡᠮᠡᠭᠳᠡᠬᠦᠯᠵᠦ ᠪᠠᠶᠢᠭ᠎ᠠ ᠶᠤᠮ  ᠃
     ᠠᠴᠢᠳᠤᠠᠭᠤᠯᠠ ᠰᠤᠮᠤᠨ ᠤ ᠰᠠᠶᠢᠬᠠᠨᠰᠢᠯᠢ ᠭᠠᠴᠠᠭᠠᠨ ᠤ ᠮᠠᠯᠴᠢᠨ ᠰᠡᠴᠡᠨᠪᠢᠯᠢᠭ 2016 ᠣᠨ ᠳᠤ ᠭᠡᠷᠭᠡᠢ ᠰᠤᠳᠤᠭᠤᠸ᠎ᠠ ᠲᠠᠢ ᠪᠠᠨ ᠬᠠᠮᠳᠤ ᠭᠡᠷ ᠪᠦᠯᠢ ᠶᠢᠨ ᠮᠠᠯᠵᠢᠯ ᠤᠨ ᠲᠠᠯᠠᠪᠠᠢ ᠪᠠᠶᠢᠭᠤᠯᠵᠤ᠂ ᠰᠤᠮᠤᠨ ᠠᠴᠠ ᠡᠷᠬᠢᠯᠡᠭᠰᠡᠨ ᠴᠠᠭᠠᠨ ᠢᠳᠡᠭᠡᠨ ᠤ ᠮᠡᠷᠭᠡᠵᠢᠯ ᠤᠨ ᠪᠣᠯᠪᠠᠰᠤᠷᠠᠯ ᠎ ᠳᠤ ᠣᠷᠣᠯᠴᠠᠵᠤ᠂ 2018 ᠣᠨ ᠳᠤ  ᠴᠠᠭᠠᠨ ᠢᠳᠡᠭᠡᠨ ᠤ ᠲᠠᠰᠤᠭ ᠤᠨ ᠲᠥᠷᠥᠯ ᠵᠦᠢᠯ ᠢ ᠭᠤᠶᠤᠴᠢᠯᠠᠵᠤ᠂  ︽ᠰᠤᠳᠤᠨ︾ ᠴᠠᠭᠠᠨ ᠢᠳᠡᠭᠡᠨ ᠤ ᠰᠠᠭᠤᠷᠢᠨ ᠢ ᠪᠠᠶᠢᠭᠤᠯᠵᠤ ᠸᠢᠴᠠᠲ ᠳᠠᠪᠴᠠᠩ ᠢ ᠠᠰᠢᠭᠯᠠᠨ  ᠴᠠᠭᠠᠨ ᠢᠳᠡᠬᠡᠨ ᠪᠤᠷᠤᠯᠠᠭᠤᠯᠵᠤ ᠠᠵᠤ ᠠᠬᠤᠢ ᠶᠢᠨ  ᠤᠷᠤᠯᠭ᠎ᠠ  ᠮᠠᠰᠢ ᠰᠠᠶᠢᠨ ᠪᠠᠶᠢᠨ᠎ᠠ᠃
      ᠡᠭᠦᠨ ᠤ ᠬᠠᠮᠲᠤ ᠰᠡᠴᠡᠨᠪᠢᠯᠢᠭ ᠴᠦ ᠭᠠᠴᠠᠭᠠᠨ ᠤ ᠪᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠥᠷᠲᠡᠭᠡᠨ ᠤ ᠬᠠᠮᠢᠶᠠᠷᠤᠭᠴᠢ ᠶᠢᠨ ᠲᠤᠰᠢᠶᠠᠯ ᠢ ᠬᠠᠷᠢᠭᠤᠴᠠᠵᠦ ᠪᠠᠶᠢᠳᠠᠭ ᠪᠤᠯᠬᠤᠷ ᠡᠯᠧᠺᠲᠷᠤᠨ ᠬᠤᠳᠠᠯᠳᠤᠭᠠᠨ ᠤ ᠲᠠᠪᠴᠠᠩ ᠠᠴᠠ ᠵᠠᠬ᠎ᠠ ᠳᠡᠯᠭᠡᠭᠦᠷ ᠤᠨ ᠬᠡᠷᠡᠭᠴᠡᠭᠡ ᠪᠠ ᠦᠨ᠎ᠡ ᠬᠠᠩᠰᠢ ᠶᠢ ᠴᠠᠭ ᠲᠤᠬᠠᠢ ᠳᠤᠨᠢ ᠤᠶᠢᠯᠠᠭᠠᠨ᠂ ᠨᠡᠩ ᠤᠯᠠᠨ ᠲᠡᠷᠢᠭᠦᠨ ᠤ ᠲᠤᠷᠰᠢᠯᠭ᠎ᠠ ᠶᠢ ᠰᠤᠷᠴᠤ᠂ ᠦᠢᠯᠡᠴᠢᠯᠡᠭᠡᠨ ᠤ ᠥᠷᠲᠡᠭᠡ ᠴᠢᠭ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠦᠢᠯᠡᠳᠬᠦᠨ ᠤ ᠪᠣᠷᠣᠯᠠᠭᠤᠯᠭ᠎ᠠ ᠶᠢᠨ ᠵᠠᠮ ᠢ ᠥᠷᠭᠡᠳᠬᠡᠵᠦ᠂ ᠮᠠᠯᠴᠢᠨ ᠡᠷᠦᠬᠡ ᠶᠢᠨ ᠲᠦᠷᠭᠡᠨ ᠬᠦᠷᠭᠡᠯᠲᠡ ᠶᠢ ᠬᠦᠯᠢᠶᠡᠨ ᠠᠪᠴᠤ ᠲᠠᠷᠬᠠᠭᠠᠬᠤ ᠰᠠᠶᠢᠨ ᠲᠠᠪᠴᠠᠩ ᠪᠠᠶᠢᠭᠤᠯᠵᠤ᠂ ᠮᠠᠯᠴᠢᠳ ᠎ ᠤᠨ ᠥᠪᠡᠷ ᠤᠨ ᠣᠨᠴᠠᠯᠢᠭᠲᠤ ᠪᠦᠲᠦᠭᠡᠭᠳᠡᠬᠦᠨ ᠤ ᠰᠦᠯᠵᠢᠶᠠᠨ ᠪᠤᠷᠤᠯᠠᠭᠤᠯᠤᠯᠳᠠ ᠶᠢ ᠪᠡᠶᠡᠯᠡᠬᠦᠯᠦᠨ  ᠂ ᠴᠠᠭᠠᠨ ᠢᠳᠡᠭᠡᠨ᠂ ᠦᠬᠡᠷ ᠬᠤᠨᠢᠨ ᠮᠢᠬ᠎ᠠ ᠵᠡᠷᠭᠡ ᠣᠨᠴᠠᠯᠢᠭᠲᠤ ᠪᠦᠲᠦᠭᠡᠭᠳᠡᠬᠦᠨ ᠢ ᠭᠠᠳᠠᠭᠰᠢ ᠪᠣᠷᠣᠯᠠᠭᠤᠯᠬᠤ ᠶᠢ ᠢᠳᠡᠪᠬᠢᠳᠡᠢ ᠳᠠᠶᠢᠴᠢᠯᠠᠵᠤ ᠪᠤᠢ᠃
     ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠣᠯᠤᠨ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠎ ᠶᠢ ᠬᠦᠨᠵᠡᠬᠡᠢ ᠠᠭᠤᠰᠤᠯᠴᠠᠭᠤᠯᠬᠤ ᠶᠢ ᠦᠨᠡᠨᠬᠦ ᠠᠬᠢᠭᠤᠯᠤᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠎ ᠳᠤ ᠪᠠᠲᠤ ᠴᠢᠩᠭ᠎ᠠ ᠵᠤᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠶᠢᠨ ᠲᠦᠯᠦᠬᠡ᠂ 2018 ᠣᠨ ᠳᠤ ᠠᠴᠢᠳᠤᠠᠭᠤᠯᠠ ᠰᠤᠮᠤ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ  ᠂ ︽1+3︾ ᠨᠠᠮ ᠤᠨ ᠪᠠᠶᠢᠭᠤᠯᠤᠯᠲᠠ ᠪᠠᠷ ᠶᠠᠳᠠᠭᠤ ᠠᠴᠠ ᠠᠩᠭᠢᠵᠢᠷᠠᠭᠤᠯᠬᠤ ᠢᠨᠵᠧᠨᠧᠷᠢᠩ ᠢ ᠳᠤᠷᠠᠳᠴᠤ᠂ ᠠᠵᠤ ᠦᠢᠯᠡᠰ ᠤᠨ ᠬᠥᠭᠵᠢᠯᠲᠡ ᠪᠠᠷ ᠮᠠᠯᠴᠢᠳ ᠤᠨ ᠤᠷᠤᠯᠭ᠎ᠠ ᠶᠢ ᠨᠡᠮᠡᠭᠳᠡᠭᠦᠯᠬᠦ ᠰᠢᠨ᠎ᠡ ᠵᠠᠮ ᠢ ᠬᠠᠶᠢᠨ ᠰᠦᠪᠡᠭᠴᠢᠯᠡᠵᠦ᠂ ᠨᠠᠮ ᠤᠨ ᠭᠡᠰᠢᠭᠦᠨ ᠭᠤᠣᠯᠳᠠᠯᠭᠠᠲᠤ ᠡᠷᠦᠬᠡ ᠬᠥᠲᠥᠯᠥᠨ ᠳᠠᠭᠠᠭᠤᠯᠬᠤ ᠵᠠᠭᠪᠤᠷ ᠢᠶᠠᠷ ᠳᠠᠮᠵᠢᠭᠤᠯᠤᠨ᠂ ᠲᠡᠮᠡᠭᠡᠨ ᠤ ᠠᠵᠤ ᠦᠢᠯᠡᠰ᠂ ᠡᠯᠡᠰᠦᠷᠬᠡᠭ ᠤᠷᠤᠨ ᠤ ᠮᠢᠬᠠᠨ ᠤ ᠦᠬᠡᠷ ᠲᠡᠵᠢᠭᠡᠨ ᠦᠷᠡᠵᠢᠭᠦᠯᠬᠦ ᠦᠢᠯᠡᠰ ᠪᠠ ᠴᠠᠭᠠᠨ ᠢᠳᠡᠭᠡᠨ᠂ ᠬᠠᠲᠠᠭᠠᠭᠰᠠᠨ ᠪᠤᠷᠴᠠ ᠵᠡᠷᠭᠡ ᠦᠨᠳᠦᠰᠦᠲᠡᠨ ᠤ ᠪᠦᠲᠦᠭᠡᠭᠳᠡᠬᠦᠨ ᠢ ᠪᠣᠯᠪᠠᠰᠤᠷᠠᠭᠤᠯᠬᠤ ᠰᠠᠭᠤᠷᠢᠨ ᠭᠠᠵᠠᠷ ᠢ ᠬᠥᠭᠵᠢᠭᠦᠯᠵᠦ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠭᠰᠡᠭᠡᠷ ᠪᠠᠶᠢᠨ᠎ᠠ᠃
     ᠤᠶᠢᠷ᠎ᠠ ᠶᠢᠨ ᠵᠢᠯ ᠳᠤ᠂ ᠮᠠᠨ ᠤ ᠬᠤᠰᠢᠭᠤ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠰᠦᠨ ᠎ ᠤ ᠦᠢᠯᠡᠰ ᠢ ᠬᠦᠭᠵᠢᠬᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠶ ᠳᠤᠤᠱᠠᠯᠠᠭᠤᠯᠤᠨ ᠨᠠᠶᠢᠳᠠᠪᠤᠷᠢᠵᠢᠭᠤᠯᠵᠤ᠂ ᠣᠷᠣᠨ ᠪᠠᠶᠢᠷᠢ ᠶᠢᠨ ᠣᠨᠴᠠᠯᠢᠭ ᠪᠠ ᠡᠬᠢ ᠪᠠᠶᠠᠯᠢᠭ ᠤᠨ ᠳᠠᠪᠠᠭᠤᠯᠢᠭ ᠢᠶᠠᠨ ᠠᠰᠢᠭᠯᠠᠨ᠂ ᠲᠥᠷᠥᠯ ᠵᠦᠢᠯ ᠢ ᠲᠡᠳᠬᠦᠬᠦ᠂ ᠬᠠᠮᠲᠤᠷᠠᠨ ᠡᠵᠡᠩᠨᠡᠬᠦ᠂ ᠮᠡᠷᠭᠡᠵᠢᠯ ᠴᠢᠳᠠᠪᠤᠷᠢ ᠶᠢᠨ ᠰᠤᠷᠭᠠᠯᠳᠠ ᠡᠷᠬᠢᠯᠡᠬᠦ᠂ ᠣᠨᠴᠠᠯᠢᠭᠲᠤ ᠴᠠᠭᠠᠨ ᠢᠳᠡᠭᠡ ᠶᠢ ᠨᠡᠭᠡᠭᠡᠨ ᠬᠥᠭᠵᠢᠭᠦᠯᠬᠦ᠂ ᠨᠡᠷᠡᠲᠦ ᠲᠡᠮᠳᠡᠭᠲᠦ ᠶᠢ ᠪᠤᠶᠢᠵᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠭᠠᠵᠠᠷ ᠣᠷᠣᠨ ᠤ ᠪᠠᠶᠢᠳᠠᠯ ᠳᠤ ᠪᠠᠨ ᠲᠤᠬᠢᠷᠠᠭᠤᠯᠤᠨ ᠴᠠᠭᠠᠨ ᠢᠳᠡᠭᠡ ᠪᠣᠯᠪᠠᠰᠤᠷᠠᠭᠤᠯᠬᠤ ᠠᠵᠤ  ᠦᠢᠯᠡᠰ ᠢ ᠬᠥᠭᠵᠢᠭᠦᠯᠵᠦ᠂ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠪᠠᠷ ᠳᠠᠮᠵᠢᠨ᠂ ᠶᠠᠳᠠᠭᠤ ᠬᠦᠴᠢᠷᠳᠡᠯᠲᠡᠶ ᠡᠷᠦᠬᠡ ᠶᠢᠨ ᠤᠷᠤᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠵᠦ᠂ ᠣᠳᠣᠬᠠᠨ ᠳᠤ᠂ ᠪᠥᠬᠦ ᠬᠤᠰᠢᠭᠤᠨ ᠳᠤ ᠴᠠᠭᠠᠨ ᠢᠳᠡᠭᠡᠨ ᠤ ᠦᠢᠯᠡᠳᠪᠦᠷᠢᠯᠡᠯ ᠤᠨ  ᠭᠡᠷᠡᠴᠢ ᠦᠨᠡᠮᠯᠡᠯ ᠣᠯᠤᠭᠰᠠᠨ ᠠᠵᠤ ᠠᠬᠤᠶᠢᠯᠠᠯ 1᠂ ᠤᠯᠠᠮᠵᠢᠯᠠᠯᠲᠤ ᠴᠠᠭᠠᠨ ᠢᠳᠡᠭᠡᠨ ᠤ ᠵᠢᠵᠢᠭ ᠦᠢᠯᠡᠳᠬᠡᠯ ᠤᠨ ᠭᠠᠵᠠᠷ 8᠂ ᠴᠠᠭᠠᠨ ᠢᠳᠡᠭᠡᠨ ᠪᠤᠯᠪᠠᠰᠤᠷᠠᠭᠤᠯᠬᠤ ᠴᠡᠭ 167  ᠎ ᠲᠠᠢ ᠪᠤᠯᠵᠦ᠂ ᠴᠠᠭᠠᠨ ᠢᠳᠡᠭᠡᠨ ᠤ ᠲᠥᠷᠥᠯ ᠵᠦᠢᠯ ᠨᠢ 40 ᠭᠠᠷᠤᠢ ᠳᠤ ᠬᠦᠷᠦᠭᠰᠡᠨ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号