ᠰᠦᠨᠢᠳ ᠪᠠᠷᠠᠭᠤᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠳᠡᠰ ᠤᠨ ᠵᠠᠷᠯᠠᠯ ︵41 ᠳ᠋ᠣᠭᠡᠷ ᠲᠣᠭᠠᠳᠣ︶
ᠨᠡᠶᠢᠲᠡᠯᠡᠭᠰᠡᠨ ᠴᠠᠭ᠄
2020/11/22
     2020 ᠣᠨ ᠤ 11 ᠰᠠᠷ᠎ᠠ ᠶᠢᠨ 21᠎ ᠤ ᠡᠳᠦᠷ ᠤᠨ 7 ᠴᠠᠭ ᠠᠴᠠ 2020 ᠣᠨ ᠤ 11 ᠰᠠᠷ᠎ᠠ ᠶᠢᠨ 21᠎ ᠤ ᠡᠳᠦᠷ ᠤᠨ 16 ᠴᠠᠭ ᠪᠣᠯᠳᠠᠯ᠎ᠠ᠂ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠠᠴᠠ ᠬᠦᠯᠦᠨ ᠪᠣᠶᠢᠷ ᠤᠨ ᠮᠠᠨᠵᠣᠣᠷ ᠬᠤᠳᠠ ᠳᠤ 2 ᠡᠪᠡᠳᠴᠢᠳᠡᠨ ᠲᠣᠬᠠᠢ ᠶᠢᠨ ᠭᠠᠵᠠᠷ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠣᠨᠣᠰᠢᠯᠠᠭᠳᠠᠭᠰᠠᠨ ᠢ ᠨᠡᠶᠢᠳᠡᠯᠡᠪᠡ᠃ ︽ᠭᠠᠳᠠᠨ᠎ᠠ ᠠᠴᠠ ᠬᠠᠯᠳᠠᠪᠣᠷᠢᠯᠠᠨ ᠣᠷᠣᠵᠣ ᠢᠷᠡᠬᠦ ᠶᠢ ᠰᠡᠷᠭᠡᠶᠢᠯᠡᠵᠦ᠂ ᠲᠣᠳᠣᠭᠠᠳᠣ ᠳᠠᠭᠠᠨ ᠲᠠᠬᠢᠨ ᠳᠡᠯᠭᠡᠷᠡᠬᠦ ᠶᠢ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠎ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠣ᠂ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠣᠯᠠᠮ ᠨᠢᠭᠡ ᠠᠯᠬᠤᠮ ᠰᠠᠶᠢᠳᠣᠷ ᠬᠢᠬᠦ ᠶᠢᠨ ᠲᠦᠯᠦᠭᠡ᠂ ᠬᠠᠮᠢᠶ᠎ᠠ ᠪᠦᠬᠦᠢ ᠵᠦᠢᠯ ᠢ ᠲᠣᠣᠷᠠᠬᠢ ᠮᠡᠲᠦ ᠵᠠᠷᠯᠠᠶ᠎ᠠ᠄      ᠨᠢᠭᠡ᠂ 11 ᠰᠠᠷ᠎ᠠ ᠶᠢᠨ 7᠎ ᠤ ᠡᠳᠦᠷ ᠠᠴᠠ ᠨᠠᠰᠢ ᠬᠦᠯᠦᠨ ᠪᠣᠶᠢᠷ ᠤᠨ ᠮᠠᠨᠵᠣᠣᠷ ᠬᠤᠳᠠ ᠳᠤ ᠣᠴᠢᠵᠣ ᠦᠩᠭᠡᠷᠡᠭᠰᠡᠨ ᠪᠠ ᠣᠨᠣᠰᠢᠯᠠᠭᠳᠠᠭᠰᠠᠨ ᠡᠪᠡᠳᠴᠢᠨ ᠤ ᠵᠢᠱᠢᠶ᠎ᠡ ᠪᠣᠶᠣ ᠡᠪᠡᠳᠴᠢᠨ ᠤ ᠢᠯᠡᠷᠡᠯ ᠦᠭᠡᠢ ᠬᠠᠯᠳᠠᠪᠣᠷᠢᠯᠠᠭᠳᠠᠭᠰᠠᠳ ᠤᠨ ᠵᠠᠮ ᠮᠦᠷ ᠢᠶᠠᠷ ᠶᠠᠪᠣᠵᠣ ᠦᠩᠭᠡᠷᠡᠭᠰᠡᠨ ᠬᠦᠮᠦᠰ ᠲᠠᠷᠣᠶᠢᠬᠠᠨ ᠪᠠᠶᠢᠭ᠎ᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠎ ᠳᠠᠭᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠶᠢᠨ ᠬᠠᠮᠳᠣ᠂ ᠮᠠᠨ ᠤ ᠬᠤᠰᠢᠭᠤᠨ ᠤ ᠬᠠᠮᠢᠶ᠎ᠠ ᠪᠦᠬᠦᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠪᠦᠭᠡᠮ ᠬᠦᠴᠢᠯ ᠤᠨ ᠪᠠᠶᠢᠴᠠᠭᠠᠯᠳᠠ ᠬᠢᠯᠭᠡᠬᠦ ᠪᠠ ᠡᠷᠡᠭᠦᠯ ᠮᠡᠨᠲᠦ ᠶᠢᠨ ᠬᠠᠮᠢᠶᠠᠷᠣᠯᠳᠠ ᠳᠤ ᠣᠷᠣᠬᠤ ᠬᠡᠷᠡᠭᠳᠠᠢ᠃ ᠳᠡᠭᠡᠷ᠎ᠡ ᠳᠣᠷᠠᠳᠣᠭᠰᠠᠨ ᠭᠠᠵᠠᠷ ᠣᠷᠣᠨ ᠠᠴᠠ ᠮᠠᠨ ᠤ ᠬᠤᠰᠢᠭᠤᠨ ᠳᠤ ᠢᠷᠡᠭᠰᠡᠨ ︵ᠪᠣᠴᠠᠭᠰᠠᠨ︶ ᠬᠦᠮᠦᠰ 7 ᠡᠳᠦᠷ ᠤᠨ ᠲᠣᠳᠣᠷᠠᠬᠢ ᠪᠦᠭᠡᠮ ᠬᠦᠴᠢᠯ ᠤᠨ ᠪᠠᠶᠢᠴᠠᠭᠠᠯᠳᠠ ᠶᠢᠨ ᠪᠢᠯᠢᠭ ᠴᠢᠨᠠᠷ ᠤᠨ ᠮᠡᠳᠡᠭᠦᠯᠦᠯᠳᠡ ᠎ ᠲᠠᠢ ᠮᠦᠷᠳᠡᠭᠡᠨ ᠪᠡᠶ᠎ᠡ ᠶᠢᠨ ᠬᠠᠯᠠᠭᠤᠨ ᠨᠢ ᠭᠡᠪ ᠤᠨ ᠪᠠᠶᠢᠵᠣ᠂ ᠬᠤᠪᠢ ᠬᠦᠮᠦᠨ ᠤ ᠰᠡᠷᠭᠡᠶᠢᠯᠡᠨ ᠬᠠᠮᠠᠭᠠᠯᠠᠬᠤ ᠠᠵᠢᠯ ᠎ ᠢᠶᠠᠨ ᠰᠠᠶᠢᠳᠣᠷ ᠬᠢᠭᠰᠡᠨ ᠣᠷᠢᠳᠠᠯ ᠲᠣᠣᠷ᠎ᠠ ᠴᠢᠯᠦᠭᠡᠳᠠᠢ ᠶᠠᠪᠣᠵᠣ ᠰᠠᠭᠤᠵᠣ ᠪᠣᠯᠣᠨ᠎ᠠ᠃ ᠪᠦᠭᠡᠮ ᠬᠦᠴᠢᠯ ᠤᠨ ᠪᠠᠶᠢᠴᠠᠭᠠᠯᠳᠠ ᠶᠢᠨ ᠪᠢᠯᠢᠭ ᠴᠢᠨᠠᠷ ᠤᠨ ᠮᠡᠳᠡᠭᠦᠯᠦᠯᠳᠡ ᠶᠢ ᠬᠠᠩᠭᠠᠵᠣ ᠴᠢᠳᠠᠬᠤ ᠦᠭᠡᠢ ᠬᠦᠮᠦᠰ ᠢ ᠲᠠᠷᠣᠢ ᠲᠦᠷᠭᠡᠨ ᠲᠦᠪᠯᠡᠷᠡᠭᠦᠯᠦᠨ ᠲᠣᠰᠠᠭᠠᠷᠯᠠᠬᠤ ︵ᠭᠡᠷ ᠲᠤᠨᠢ ᠲᠣᠰᠠᠭᠠᠷᠯᠠᠨ ᠡᠮᠴᠢᠯᠡᠭᠡᠨ ᠤ ᠠᠵᠢᠭᠯᠠᠯᠳᠠ ᠬᠢᠬᠦ︶᠎ ᠶᠢᠨ ᠬᠠᠮᠳᠣ ᠪᠦᠭᠡᠮ ᠬᠦᠴᠢᠯ ᠤᠨ ᠪᠠᠶᠢᠴᠠᠭᠠᠯᠳᠠ ᠬᠢᠯᠭᠡᠵᠦ᠂ ᠪᠦᠭᠡᠮ ᠬᠦᠴᠢᠯ ᠤᠨ ᠪᠠᠶᠢᠴᠠᠭᠠᠯᠳᠠ ᠶᠢᠨ ᠳ᠋ᠦᠩ ᠨᠢ ᠪᠢᠯᠢᠭ ᠴᠢᠨᠠᠷ ᠎ ᠲᠠᠢ ᠮᠦᠷᠳᠡᠭᠡᠨ ᠪᠡᠶ᠎ᠡ ᠶᠢᠨ ᠬᠠᠯᠠᠭᠤᠨ ᠨᠢ ᠬᠡᠪ ᠤᠨ ᠪᠠᠶᠢᠪᠠᠯ ᠴᠢᠯᠦᠭᠡᠳᠠᠢ ᠶᠠᠪᠣᠵᠣ ᠰᠠᠭᠤᠵᠣ ᠪᠣᠯᠣᠨ᠎ᠠ᠃      ᠬᠤᠶᠠᠷ᠂ ᠮᠠᠰᠢᠨ ᠲᠡᠷᠭᠡᠨ ᠦᠷᠳᠡᠭᠡ᠂ ᠭᠠᠯᠳᠣ ᠲᠡᠷᠭᠡᠨ ᠦᠷᠳᠡᠭᠡ᠂ ᠵᠣᠴᠢᠳ ᠤᠨ ᠪᠠᠭᠤᠳᠠᠯ ᠵᠢᠴᠢ ᠡᠯ᠎ᠡ ᠱᠠᠳᠣᠨ ᠤ ᠨᠠᠮ ᠵᠠᠰᠠᠭ ᠤᠨ ᠠᠯᠪᠠᠨ ᠪᠠᠶᠢᠭᠤᠯᠭ᠎ᠠ᠂ ᠠᠵᠣ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠣᠷᠭᠠᠭᠤᠯᠢ ᠂ ᠡᠮᠴᠢᠯᠡᠭᠡᠨ ᠤ ᠪᠠᠶᠢᠭᠤᠯᠣᠮᠵᠢ ᠵᠡᠷᠭᠡ ᠨᠢ ᠰᠠᠨᠠᠭᠠᠴᠢᠯᠠᠭ᠎ᠠ ᠠᠴᠠ ᠪᠠᠨ ᠪᠠᠶᠢᠴᠠᠭᠠᠯᠳᠠ ᠶᠢᠨ ᠠᠵᠢᠯ ᠢ ᠦᠷᠨᠢᠭᠦᠯᠵᠦ᠂ ᠢᠷᠡᠵᠦ ᠶᠠᠪᠣᠬᠤ ᠠᠶᠠᠨᠴᠢᠳ᠂ ᠪᠠᠶᠢᠭᠤᠯᠭ᠎ᠠ ᠶᠢᠨ ᠢᠶᠠᠨ ᠠᠵᠢᠯᠳᠠᠳ ᠵᠢᠴᠢ ᠳᠡᠳᠡᠨ ᠤ ᠭᠡᠷ ᠪᠦᠯᠢ ᠶᠢᠨ ᠬᠦᠮᠦᠰ ᠤᠨ ᠣᠶᠢᠷ᠎ᠠ ᠶᠢᠨ ᠬᠤᠭᠤᠴᠠᠭᠠᠨ ᠳᠤ ᠬᠦᠯᠦᠨ ᠪᠣᠶᠢᠷ ᠤᠨ ᠮᠠᠨᠵᠣᠣᠷ ᠬᠤᠳᠠ ᠳᠤ ᠬᠦᠷᠴᠦ ᠦᠩᠭᠡᠷᠡᠭᠰᠡᠨ ᠡᠰᠡᠭᠦ ᠶᠢ ᠣᠶᠢᠯᠠᠭᠠᠵᠣ᠂ ᠡᠭᠦᠨ ᠤ ᠬᠠᠮᠳᠣ ᠪᠠᠶᠢᠭ᠎ᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠂ ᠪᠠᠶᠢᠭᠤᠯᠭ᠎ᠠ ᠨᠢᠭᠡᠴᠡ ᠎ ᠳᠡᠭᠡᠨ ᠲᠠᠷᠣᠶᠢᠬᠠᠨ ᠮᠡᠳᠡᠭᠦᠯᠬᠦ ᠬᠡᠷᠡᠭᠳᠠᠢ᠃      ᠭᠤᠷᠪᠠ᠂ ᠬᠦᠯᠦᠨ ᠪᠣᠶᠢᠷ ᠤᠨ ᠮᠠᠨᠵᠣᠣᠷ ᠬᠤᠳᠠ ᠠᠴᠠ ᠮᠠᠨ ᠤ ᠬᠤᠰᠢᠭᠤᠨ ᠳᠤ ᠢᠷᠡᠭᠰᠡᠳ 7 ᠡᠳᠦᠷ ᠤᠨ ᠲᠣᠳᠣᠷᠠᠬᠢ ᠪᠦᠭᠡᠮ ᠬᠦᠴᠢᠯ ᠤᠨ ᠪᠠᠶᠢᠴᠠᠭᠠᠯᠳᠠ ᠶᠢᠨ ᠪᠢᠯᠢᠭ ᠴᠢᠨᠠᠷ ᠤᠨ ᠮᠡᠳᠡᠭᠦᠯᠦᠯᠳᠡ ᠲᠠᠢ ᠪᠣᠯ ᠦᠪᠡᠷᠳᠡᠭᠡᠨ 14 ᠡᠳᠦᠷ ᠤᠨ ᠡᠷᠡᠭᠦᠯ ᠮᠡᠨᠲᠦ ᠶᠢᠨ ᠬᠢᠨᠠᠨ ᠬᠡᠮᠵᠢᠯᠳᠡ ᠬᠢᠵᠦ᠂ ᠬᠤᠪᠢ ᠬᠦᠮᠦᠨ ᠤ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠳᠣᠷ ᠬᠢᠬᠦ ᠬᠡᠷᠡᠭᠳᠠᠢ᠃ ᠭᠡᠷᠪᠡ ᠬᠠᠯᠠᠭᠤᠷᠠᠬᠤ᠂ ᠬᠠᠨᠢᠶᠠᠯᠭᠠᠬᠤ᠂ ᠰᠠᠭᠤᠯᠭᠠᠬᠤ᠂ ᠲᠠᠮᠢᠷᠳᠠᠬᠤ ᠵᠡᠷᠭᠡ ᠰᠡᠵᠢᠭ ᠲᠠᠢ ᠪᠠᠶᠢᠳᠠᠯ ᠢᠯᠡᠷᠡᠪᠡᠯ᠂ ᠠᠮᠠᠪᠴᠢ ᠵᠡᠬᠦᠨ ᠲᠠᠷᠣᠶᠢᠬᠠᠨ ᠬᠠᠯᠠᠭᠤᠷᠠᠭᠰᠠᠳ ᠤᠨ ᠡᠭᠦᠳᠡᠨ ᠡᠮᠨᠡᠯᠭᠡ ᠪᠣᠶᠣ ᠲᠣᠭᠳᠠᠭᠰᠠᠨ ᠡᠮᠨᠡᠯᠭᠡ ᠶᠢᠨ ᠬᠤᠷᠢᠶᠠᠨ ᠳᠤ ᠬᠦᠷᠴᠦ ᠪᠠᠶᠢᠴᠠᠭᠠᠯᠭᠠᠨ ᠡᠮᠴᠢᠯᠡᠭᠦᠯᠦᠨ᠎ᠡ᠃ ᠡᠮᠨᠡᠭᠦᠯᠬᠦ ᠶᠠᠪᠣᠴᠠ ᠳᠤ ᠠᠯᠢ ᠪᠣᠯᠬᠤ ᠪᠠᠷ ᠨᠡᠶᠢᠳᠡ ᠶᠢᠨ ᠮᠠᠰᠢᠨ ᠳᠤ ᠰᠠᠭᠤᠬᠤ ᠠᠴᠠ ᠵᠠᠶᠢᠯᠠᠰᠬᠢᠬᠦ ᠬᠡᠷᠡᠭᠳᠠᠢ᠃      ᠳᠦᠷᠪᠡ᠂ ᠪᠦᠬᠦ ᠬᠤᠰᠢᠭᠤᠨ ᠤ ᠡᠯ᠎ᠡ ᠭᠤᠣᠯᠳᠠᠯᠭ᠎ᠠ ᠲᠠᠢ ᠲᠠᠯᠠᠪᠣᠷ ᠨᠢ ᠰᠡᠷᠭᠡᠶᠢᠯᠡᠨ ᠡᠵᠡᠮᠳᠡᠬᠦ ᠠᠵᠢᠯ ᠢᠶᠠᠨ ᠴᠢᠩᠭᠠᠳᠬᠠᠵᠣ᠂ ᠬᠦᠯᠦᠨ ᠪᠣᠶᠢᠷ ᠤᠨ ᠮᠠᠨᠵᠣᠣᠷ ᠬᠤᠳᠠ ᠠᠴᠠ ᠮᠠᠨ ᠤ ᠬᠤᠰᠢᠭᠤᠨ ᠳᠤ ᠢᠷᠡᠭᠰᠡᠳ ᠤᠨ ᠡᠷᠡᠭᠦᠯ ᠮᠡᠨᠲᠦ ᠶᠢᠨ ᠺᠣᠳ᠋ ᠢ ᠪᠠᠶᠢᠴᠠᠭᠠᠨ ᠦᠵᠡᠬᠦ ᠪᠠ ᠪᠡᠶ᠎ᠡ ᠶᠢᠨ ᠬᠠᠯᠠᠭᠤᠨ ᠢ ᠨᠢ ᠬᠡᠮᠵᠢᠬᠦ ᠠᠵᠢᠯ ᠢ ᠦᠨᠡᠨᠬᠦ ᠰᠠᠶᠢᠳᠣᠷ ᠬᠢᠵᠦ᠂ ᠬᠢᠵᠢᠭ ᠤᠨ ᠪᠠᠶᠢᠳᠠᠯ ᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠳᠠᠢ᠃      ᠲᠠᠪᠤ᠂ ᠦᠷᠭᠡᠨ ᠣᠯᠠᠨ ᠲᠦᠮᠡᠨ ᠬᠤᠪᠢ ᠶᠢᠨ ᠰᠡᠷᠭᠡᠶᠢᠯᠡᠯᠳᠡ ᠬᠠᠮᠠᠭᠠᠯᠠᠯᠳᠠ ᠪᠠᠨ ᠰᠠᠶᠢᠳᠣᠷ ᠬᠢᠵᠦ᠂ ᠰᠢᠨᠵᠢᠯᠡᠬᠦ ᠣᠬᠠᠭᠠᠨᠴᠢ ᠪᠠᠷ ᠠᠮᠠᠪᠴᠢ ᠵᠡᠭᠦᠵᠦ᠂ ᠣᠯᠠᠭᠤᠯᠠ ᠴᠣᠭᠯᠠᠷᠠᠬᠤ ᠶᠢ ᠪᠠᠭᠠᠰᠬᠠᠵᠣ᠂ ᠭᠠᠷ ᠢᠶᠠᠨ ᠰᠠᠶᠢᠳᠣᠷ ᠣᠬᠢᠶᠠᠵᠣ᠂ ᠭᠡᠷ ᠲᠡᠭᠡᠨ ᠦᠷᠭᠦᠯᠵᠢ ᠰᠠᠯᠬᠢ ᠨᠡᠪᠳᠡᠷᠡᠭᠦᠯᠵᠦ᠂ ᠪᠣᠰᠣᠳ ᠲᠠᠢ ᠬᠠᠷᠢᠯᠴᠠᠬᠤ ᠳᠠᠭᠠᠨ ᠵᠣᠬᠢᠬᠤ ᠵᠠᠢ ᠎ ᠲᠠᠢ ᠪᠠᠶᠢᠬᠤ ᠬᠡᠷᠡᠭᠳᠠᠢ᠃ ᠠᠯᠪᠠᠨ ᠤ ᠲᠠᠯ᠎ᠠ ᠠᠴᠠ ᠨᠡᠶᠢᠳᠡᠯᠡᠭᠰᠡᠨ ᠬᠢᠵᠢᠭ ᠤᠨ ᠪᠠᠶᠢᠳᠠᠯ ᠤᠨ ᠳᠣᠮᠳᠠ ᠦᠨᠳᠦᠷ ᠳᠡᠰ ᠎ ᠤᠨ ᠲᠦᠭᠰᠢᠭᠦᠷᠢ ᠲᠠᠢ ᠭᠠᠵᠠᠷ ᠣᠷᠣᠨ ᠢ ᠦᠷᠭᠦᠯᠵᠢᠯᠡᠨ ᠠᠩᠬᠠᠷᠴᠣ᠂ ᠴᠢᠬᠤᠯᠠ ᠣᠴᠢᠷ ᠦᠭᠡᠢ ᠪᠣᠯ ᠣᠶᠢᠷ᠎ᠠ ᠶᠢᠨ ᠬᠤᠭᠤᠴᠠᠭᠠᠨ ᠳᠤ ᠬᠦᠯᠦᠨ ᠪᠣᠶᠢᠷ ᠤᠨ ᠮᠠᠨᠵᠣᠣᠷ ᠬᠤᠳᠠ ᠳᠤ ᠣᠴᠢᠬᠤ ᠦᠭᠡᠢ ᠪᠠᠶᠢᠬᠤ ᠶᠢ ᠰᠠᠨᠠᠭᠤᠯᠣᠶ᠎ᠠ᠃      ᠪᠦᠬᠡᠮ ᠬᠦᠴᠢᠯ ᠤᠨ ᠪᠠᠶᠢᠴᠠᠭᠠᠯᠳᠠ ᠶᠢᠨ ᠯᠠᠪᠯᠠᠬᠤ ᠤᠳᠠᠰᠤ᠄  13947980696       15247995237                                                                                      ᠰᠦᠨᠢᠳ ᠪᠠᠷᠠᠭᠤᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ    ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠳᠡᠰ                2020 ᠣᠨ ᠤ 11 ᠰᠠᠷ᠎ᠠ ᠶᠢᠨ 21᠎ ᠤ ᠡᠳᠦᠷ
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号