2020 ᠤᠨ ᠤ ᠰᠢᠯᠢ ᠶᠢᠨ ᠭᠤᠤᠯ ᠤᠨ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠰᠦᠨᠢᠳ ᠪᠠᠷᠠᠭᠤᠨ ᠬᠤᠰᠢᠭᠤᠨ ᠳᠤ ᠡᠬᠢᠯᠡᠯ᠎ᠡ
ᠨᠡᠶᠢᠲᠡᠯᠡᠭᠰᠡᠨ ᠴᠠᠭ᠄
2020/11/22
                      ᠡᠬᠡ ᠪᠢᠴᠢᠭ᠄ ᠳᠡᠯᠭᠡᠷᠴᠡᠴᠡᠭ    ᠵᠢᠷᠤᠭ᠂ ᠹᠢᠯᠢᠮ᠄ ᠬᠠᠶᠢᠷ᠎ᠠ      ᠭᠤᠷᠪᠠᠨ ᠵᠢᠯ ᠤᠨ ᠡᠮᠤᠨᠡᠬᠢ ᠥᠨᠤᠳᠤᠷ᠂ ᠶᠡᠷᠤᠩᠬᠢ ᠱᠦᠵᠢ ᠰᠢ ᠶᠢᠨ ᠫᠢᠩ ᠤᠨ ᠰᠦᠨᠢᠹ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠬᠡᠰᠢᠭᠦᠳ ᠲᠤ ᠢᠯᠡᠭᠡᠭᠰᠡᠨ ᠬᠠᠷᠢᠭᠤ ᠵᠠᠬᠢᠳᠠᠯ ᠨᠢ ᠡᠪᠤᠯ ᠤᠨ ᠤᠯᠠᠷᠢᠯ ᠤᠨ ᠰᠦᠨᠢᠳ ᠨᠤᠳᠤᠭ ᠲᠤ ᠤᠷᠢᠨ ᠲᠤᠯᠠᠭᠠᠨ ᠠᠪᠴᠢᠷᠡᠵᠦ᠂ ᠪᠥᠬᠦ ᠤᠯᠠᠭᠠᠨᠮᠥ᠋ᠴᠢᠷ ᠤᠨ ᠬᠡᠰᠢᠭᠦᠳ ᠢ ᠵᠤᠷᠢᠭᠵᠢᠭᠤᠯᠵᠦ ᠂ ᠤᠯᠠᠭᠠᠨᠮᠥ᠋ᠴᠢᠷ ᠤᠨ ᠦᠢᠯᠡᠰ ᠢ ᠰᠢᠨ᠎ᠡ ᠴᠠᠭ ᠦᠶ᠎ᠡ ᠳᠤ ᠤᠷᠤᠭᠤᠯᠤᠭᠰᠠᠨ ᠶᠤᠮ᠃ ᠥᠨᠤᠳᠤᠷ ᠶᠠᠭ ᠡᠨᠡᠬᠦ ᠤᠨᠴᠠᠭᠠᠢ ᠡᠳᠤᠷ ᠢ ᠲᠤᠬᠢᠶᠠᠯᠳᠤᠭᠤᠯᠤᠨ ᠡᠷᠬᠢᠯᠡᠭᠰᠡᠨ 2020 ᠤᠨ ᠤ ᠰᠢᠯᠢ ᠶᠢᠨ ᠭᠤᠤᠯ ᠤᠨ ᠤᠯᠠᠭᠠᠨᠮᠥ᠋ᠴᠢᠷ  ᠤᠨ ᠤᠷᠠᠯᠢᠭ ᠤᠨ ᠨᠠᠶᠢᠷ ᠪᠦᠬᠦ ᠤᠯᠤᠰ ᠤᠨ ᠤᠤᠭᠠᠨ ᠤᠯᠠᠭᠠᠨᠮᠥ᠋ᠴᠢᠷ ᠤᠨ ᠥᠯᠤᠭᠡᠢ — ᠰᠦᠨᠢᠳ ᠪᠠᠷᠠᠭᠤᠨ ᠬᠤᠰᠢᠭᠤᠨ ᠳᠤ ᠥᠪᠡᠳᠡᠭᠰᠢ ᠶᠡᠭᠡ ᠪᠠᠷ ᠡᠬᠢᠯᠡᠪᠠ᠃
     ᠪᠦᠬᠦ ᠠᠶᠢᠮᠠᠭ ᠤᠨ ᠡᠯ᠎ᠡ ᠭᠠᠵᠠᠷ ᠠᠴᠠ ᠬᠦᠷᠦᠯᠴᠡᠨ ᠢᠷᠡᠭᠰᠡᠨ 13 ᠤᠯᠠᠭᠠᠨᠮᠥ᠋ᠴᠢᠷ ᠤᠨ ᠲᠥᠯᠦᠭᠡᠯᠡᠭᠴᠢᠳ ᠳᠡᠷᠡᠭᠠᠯᠠᠨ ᠳᠡᠯᠡᠪᠠᠢ ᠳᠤ ᠤᠷᠤᠵᠦ᠂ ᠤᠷᠠᠯᠢᠭ ᠤᠨ ᠨᠠᠶᠢᠷ ᠤᠨ ᠭᠤᠤᠯ ᠰᠡᠳᠤᠪ ᠪᠤᠯᠬᠤ ︽ᠠᠯᠢᠪᠠ ᠪᠦᠬᠦᠨ ᠠᠷᠠᠳ ᠲᠥᠮᠡᠨ ᠤ ᠲᠥᠯᠦᠭᠡ︾ ᠭᠡᠰᠡᠨ ᠥᠰᠤᠭ᠍ᠳᠤ ᠲᠤᠭ᠂ ᠤᠯᠠᠭᠠᠨᠮᠥ᠋ᠴᠢᠷ ᠤᠨ ᠨᠠᠷᠠᠳᠤ ᠳᠡᠮᠳᠡᠭ ᠪᠤᠯᠤᠭᠰᠠᠨ ︽ᠬᠤᠪᠢᠰᠬᠠᠯᠳᠤ ᠤᠳᠬ᠎ᠠ ᠤᠷᠠᠯᠢᠭ ᠤᠨ ᠬᠦᠩᠭᠡᠨ ᠮᠤᠷᠢᠳᠤ ᠴᠡᠷᠢᠭ︾ ᠤᠨ ᠲᠤᠭ ᠪᠠ ᠰᠢᠯᠢ ᠶᠢᠨ ᠭᠤᠤᠯ ᠤᠨ ᠲᠠᠯ᠎ᠠ ᠨᠤᠳᠤᠭ ᠲᠤ ᠤᠮᠤᠭᠰᠢᠯ ᠪᠠᠭ᠋ᠠᠳᠤᠯ ᠠᠪᠴᠢᠷᠠᠭᠰᠠᠨ ︽ᠪᠦᠬᠦ ᠤᠯᠤᠰ ᠤᠨ ᠤᠤᠭᠠᠨ ᠤᠯᠠᠭᠠᠨᠮᠥ᠋ᠴᠢᠷ ᠤᠨ ᠥᠯᠦᠭᠡᠢ︾ ᠵᠡᠷᠭᠡ 15 ᠤᠯᠠᠭᠠᠨ ᠲᠤᠭ ᠵᠠᠷᠭᠡᠪᠡᠷ ᠨᠠᠮᠢᠷᠠᠨ᠂ ᠰᠢᠯᠢ ᠶᠢᠨ ᠭᠤᠤᠯ ᠠᠶᠢᠮᠠᠭ ᠤᠨ ᠡᠯ᠎ᠡ ᠤᠯᠠᠭᠠᠨᠮᠥ᠋ᠴᠢᠷ ᠤᠨ ᠬᠢᠨ ᠶᠡᠷᠤᠩᠬᠡᠢ ᠱᠦᠵᠢ ᠶᠢᠨ ᠨᠠᠶᠢᠳᠠᠯᠭ᠎ᠠ ᠶᠢ ᠪᠠᠳᠤ ᠴᠡᠭᠡᠵᠢᠯᠡᠨ᠂ ᠠᠮᠢᠳᠤᠷᠠᠯ ᠤᠨ ᠰᠢᠮᠡᠯᠢᠭ ᠬᠦᠷᠤᠰᠦᠨ ᠳᠤ ᠦᠨᠳᠤᠰᠤᠯᠡᠵᠦ᠂ ᠮᠠᠯᠴᠢᠨ ᠲᠥᠮᠡᠨ ᠳᠤ ᠦᠢᠯᠡᠴᠢᠯᠡᠨ᠂ ᠤᠯᠠᠨ ᠲᠥᠮᠡᠨ ᠲᠠᠢ ᠨᠢᠭᠳᠠ ᠬᠠᠷᠢᠴᠠᠨ᠂ ᠴᠠᠭ ᠦᠶ᠎ᠡ  ᠶᠢᠨ ᠠᠮᠢᠳᠤᠷᠠᠯ ᠢ ᠲᠤᠰᠬᠠᠨ ᠠᠷᠠᠳ ᠤᠯᠠᠨ ᠤ ᠬᠦᠷᠢᠶᠡᠯᠡᠯ ᠢ ᠤᠯᠤᠭᠰᠠᠨ ᠰᠢᠯᠢᠳᠡᠭ ᠪᠥᠳᠦᠭᠡᠯ ᠲᠤᠭᠤᠷᠪᠢᠬᠤ ᠶᠢ ᠨᠠᠶᠢᠳᠠᠨ ᠪᠡᠯᠭᠡᠳᠡᠵᠦ ᠪᠠᠶᠢᠯ᠎ᠠ᠃
     ︽ᠰᠦᠨᠢᠳ ᠪᠠᠷᠠᠭᠤᠨ ᠬᠤᠰᠢᠭᠤᠨ ‍ᠤ‌ᠤᠯᠠᠭᠠᠨᠮᠥ᠋ᠴᠢᠷ ᠤᠨ ᠬᠡᠰᠢᠭᠦᠳ ᠰᠠᠶᠢᠨ ᠪᠠᠶᠢᠵᠠᠭᠠᠨᠠᠤ︖︾ ᠭᠡᠰᠡᠨ ᠬᠠᠯᠠᠭᠤᠨ ᠲᠤᠳᠤᠨᠤ ᠬᠠᠷᠢᠭᠤ ᠵᠠᠬᠢᠳᠠᠯ ᠤᠨ ᠦᠭᠡᠰ ᠶᠡᠭᠡ ᠲᠢᠩᠬᠢᠮ ᠳᠤ ᠲᠠᠭᠤᠷᠢᠰᠴᠦ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠬᠡᠰᠢᠭᠦᠨ᠂ ᠰᠦᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠬᠡᠰᠢᠭᠦᠨ ᠬᠠᠰᠳᠠᠨ᠎ᠠ‌ᠤᠯᠠᠭᠠᠨᠮᠥ᠋ᠴᠢᠷ ᠤᠨ ᠪᠥᠬᠦ ᠬᠡᠰᠢᠭᠦᠳ ᠢ ᠳᠡᠭᠠᠭᠤᠯᠤᠨ ᠶᠡᠷᠤᠩᠬᠡᠢ ᠱᠦᠵᠢ ᠰᠢ ᠶᠢᠨ ᠫᠢᠩ ᠤᠨ ᠬᠠᠷᠢᠭᠤ ᠵᠠᠬᠢᠳᠠᠯ ᠢ ᠡᠷᠬᠢᠴᠡᠬᠦᠯᠪᠡ᠃
     ᠠᠵᠢᠯᠯᠠᠭ᠎ᠠ ᠶᠢᠨ ᠡᠬᠢᠨ ᠳᠤ᠂ ᠤᠯᠠᠭᠠᠨᠮᠥ᠋ᠴᠢᠷ ᠤᠨ ᠪᠥᠬᠦ ᠬᠡᠰᠢᠭᠦᠳ ᠬᠠᠮᠳᠤ ᠪᠠᠷ ᠲᠠᠩᠭᠠᠷᠢᠭ ᠡᠷᠬᠦᠨ᠂ ᠦᠶ᠎ᠡ ᠦᠶ᠎ᠡ ᠤᠯᠠᠭᠠᠨᠮᠥ᠋ᠴᠢᠷ ᠤᠨ ᠵᠤᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠡᠵᠦ᠂ ᠦᠢᠯᠡᠳᠤᠯ ᠴᠢᠳᠠᠪᠬᠢ ᠪᠠᠨ ᠪᠠᠳᠠᠷᠠᠭᠤᠯᠤᠨ᠂ ᠠᠷᠠᠳ ᠲᠥᠮᠡᠨ ᠳᠤ ᠦᠢᠯᠡᠴᠢᠯᠡᠬᠦ ᠦᠨᠳᠤᠰᠤᠨ ᠵᠤᠷᠢᠯᠳᠠ ᠪᠠᠨ ᠪᠠᠳᠤᠳᠬᠠᠯ᠎ᠠ᠃      ᠲᠠᠷᠠᠭ᠎ᠠ ᠨᠢᠰᠦᠨᠢᠳ ᠪᠠᠷᠠᠭᠤᠨ ᠬᠤᠰᠢᠭᠤ᠂ ᠡᠷᠢᠶᠡᠨ ᠬᠤᠳᠠ᠂ ᠬᠦᠪᠡᠭᠡᠳᠤ ᠰᠢᠷ᠎ᠠ ᠬᠤᠰᠢᠭᠤ᠂ ᠰᠦᠨᠢᠳ ᠵᠠᠬᠦᠨ ᠬᠤᠰᠢᠭᠤ ᠵᠡᠷᠭᠡ ᠠᠬ᠎ᠠ ᠳᠡᠭᠦᠦ ᠬᠤᠰᠢᠭᠤ ᠰᠢᠶᠠᠨ ᠬᠤᠳᠠ ᠵᠢᠨ‌ᠤᠯᠠᠭᠠᠨᠮᠥ᠋ᠴᠢᠷ ᠤᠨ   ᠬᠢᠨ ᠤᠷᠠᠨ ᠰᠠᠶᠢᠬᠠᠨ  ᠤ ᠲᠤᠭᠯᠠᠯᠳᠠ ᠪᠠᠷ ᠢᠶᠠᠨ 2020 ᠤᠨ ᠤ ᠰᠢᠯᠢ ᠶᠢᠨ ᠭᠤᠤᠯ ᠤᠨ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠤᠨ ᠡᠬᠢᠯᠡᠯᠳᠠ ᠶᠢᠨ ᠬᠦᠰᠢᠭᠡ ᠶᠢ ᠰᠡᠭᠦᠯ᠎ᠡ᠃
     ᠡᠬᠢᠯᠡᠯᠳᠠ ᠶᠢᠨ ᠶᠤᠰᠤᠯᠠᠯ ᠳᠠᠭᠤᠰᠤᠭᠰᠠᠨ ᠤ ᠲᠠᠷᠠᠭ᠎ᠠ᠂ ᠰᠦᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ  ᠤᠨ ᠰᠠᠯᠪᠤᠷᠢ ᠪᠠᠭ᠎ᠠ ᠠᠩᠬᠢ ᠲᠤᠰ ᠲᠤᠰ ᠨᠡᠶᠢᠭᠡᠮ ᠲᠤᠭᠤᠷᠢᠭ ᠪᠠ ᠠᠵᠦ ᠠᠬᠤᠶᠢᠯᠠᠯ ᠳᠤ ᠬᠦᠷᠴᠦ ᠲᠤᠬᠤᠨᠢᠭᠤᠯᠭ᠎ᠠ  ᠶᠢᠨ ᠲᠤᠭᠯᠠᠯᠳᠠ ᠪᠠᠨ ᠡᠷᠭᠦᠨ ᠪᠠᠷᠢᠯ᠎ᠠ᠃      ᠤᠶᠢᠯᠡᠭᠠᠭᠰᠠᠨ ᠢᠶᠠᠷ᠂ ᠲᠤᠰ ᠤᠳᠠᠭᠠᠨ ᠤ ᠤᠷᠠᠯᠢᠭ ᠤᠨ ᠨᠠᠶᠢᠷ ᠨᠢ ︽ᠠᠯᠢᠪᠠ ᠪᠦᠬᠦᠨ ᠠᠷᠠᠳ ᠲᠥᠮᠡᠨ ᠤ ᠲᠥᠯᠦᠭᠡ︾ ᠬᠡᠬᠦ ᠭᠤᠤᠯ ᠰᠡᠳᠤᠪ ᠢᠶᠠᠷ᠂ ᠪᠥᠬᠦ ᠠᠶᠢᠮᠠᠭ ᠤᠨ 13 ᠤᠯᠠᠭᠠᠨᠮᠥ᠋ᠴᠢᠷ ᠤᠨ ᠠᠷᠪᠠᠨ ᠲᠤᠰᠬᠠᠢ ᠲᠠᠯᠠᠪᠡᠢ ᠦᠳᠡᠰᠢᠯᠡᠭᠡ᠂ ᠭᠤᠷᠪᠠᠨ ᠰᠢᠯᠢᠳᠡᠭ ᠵᠦᠴᠦᠭᠡ ᠶᠢ ᠦᠵᠡᠭᠴᠢᠳ ᠤᠯᠠᠨ ᠤ ᠪᠠᠨ ᠭᠡᠭᠡᠨ ᠮᠡᠯᠮᠡᠢ ᠳᠤ ᠬᠦᠷᠭᠡᠬᠦ ᠪᠠᠷ ᠪᠠᠶᠢᠵᠦ᠂ ᠨᠠᠶᠢᠷ ᠤᠨ ᠬᠤᠭᠤᠴᠠᠭᠠᠨ ᠳᠤ ᠪᠠᠰᠠ᠂ ᠡᠯ᠎ᠡ ᠤᠯᠠᠭᠠᠨᠮᠥ᠋ᠴᠢᠷ ᠨᠢ ᠭᠠᠴᠠᠭ᠎ᠠ ᠲᠤᠰᠬᠤᠨ᠂ ᠨᠡᠶᠢᠭᠡᠮ ᠲᠤᠭᠤᠷᠢᠭ᠂ ᠰᠤᠮᠤ ᠪᠠᠯᠭᠠᠰᠦ᠂ ᠴᠡᠷᠢᠭ ᠤᠨ ᠬᠤᠸᠠᠷᠠᠨ ᠵᠡᠷᠭᠡ ᠭᠠᠵᠠᠷ ᠲᠤ ᠬᠦᠨᠵᠡᠭᠡᠶᠢᠷᠡᠵᠦ᠂ ᠠᠷᠠᠳ ᠲᠤ ᠠᠰᠢᠭ ᠬᠦᠷᠳᠡᠭᠡᠬᠦ30 ᠭᠠᠷᠤᠢ ᠲᠠᠯᠠᠪᠡᠢ ᠲᠤᠭᠯᠠᠯᠳᠠ ᠥᠷᠨᠢᠭᠦᠯᠬᠦ ᠪᠤᠯᠤᠨ᠎ᠠ᠃ ᠲᠠᠷᠠᠴᠢᠯᠡᠨ ᠰᠢᠭᠤᠳ ᠨᠡᠪᠳᠡᠷᠡᠭᠦᠯᠭᠡ ᠪᠠᠷ ᠲᠠᠮᠵᠢᠭᠤᠯᠤᠨ ᠤᠬᠠᠭᠤᠯᠭ᠎ᠠ ᠦᠵᠡᠭᠦᠯᠭᠡ ᠬᠢᠵᠦ᠂ ᠲᠤᠰ ᠬᠤᠭᠤᠴᠠᠭᠠᠨ ᠤ ᠤᠷᠠᠯᠢᠭ ᠤᠨ ᠨᠠᠶᠢᠷ ᠤᠨ ᠠᠬᠤᠢ ᠲᠠᠯᠠᠪᠠᠢ ᠶᠢᠨ ᠪᠠᠶᠢᠳᠠᠯ ᠢ ᠳᠠᠯᠭᠡᠨ ᠰᠠᠴᠦᠵᠦ᠂ ᠤᠯᠠᠭᠠᠨᠮᠥ᠋ᠴᠢᠷ ᠤᠨ ᠨᠦᠯᠦᠭᠡᠯᠡᠬᠦ ᠬᠦᠴᠦᠨ ᠢ ᠳᠡᠭᠡᠭᠰᠢᠯᠡᠭᠦᠯᠬᠦ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号