ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠶᠡᠷᠦᠩᠬᠡᠢ ᠱᠦᠵᠢ ᠶᠢᠨ ᠵᠠᠬᠢᠶ᠎ᠠ ᠶᠢ ᠪᠠᠳᠤ ᠴᠡᠭᠡᠵᠢᠯᠡᠨ ᠡᠷᠡᠮᠬᠡᠶᠢᠯᠡᠨ ᠤᠷᠤᠭᠰᠢᠯᠠᠨ᠎ᠠ
ᠨᠡᠶᠢᠲᠡᠯᠡᠭᠰᠡᠨ ᠴᠠᠭ᠄
2020/11/24
                               ᠰᠤᠷᠪᠤᠯᠵᠢᠯᠠᠭᠴᠢ᠄ ᠰᠡᠷᠭᠦᠯᠡᠩ      2017 ᠤᠨ ᠤ 11 ᠰᠠᠷ᠎ᠠ ᠶᠢᠨ 21᠎ ᠳᠤ᠂ ᠶᠡᠷᠦᠩᠭᠡᠢ ᠱᠦᠵᠢ ᠰᠢ ᠶᠢᠨ ᠫᠢᠩ ᠤᠨ ᠢᠯᠡᠭᠡᠭᠰᠡᠨ ᠬᠠᠷᠢᠭᠤ ᠵᠠᠬᠢᠳᠠᠯ ᠢ ᠳᠤᠰᠤᠭᠰᠠᠨ ᠠᠴᠠ ᠨᠠᠰᠢ ᠭᠤᠷᠪᠠᠨ ᠵᠢᠯ ᠤᠨ ᠳᠤᠷᠰᠢ᠂  ᠪᠦᠬᠦ ᠤᠯᠤᠰ ᠤᠨ ᠤᠤᠭᠠᠨ ᠤᠯᠠᠭᠠᠨᠮᠦ᠋ᠴᠢᠷ ᠪᠣᠯᠬᠤ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠬᠡᠰᠢᠬᠦᠳ ᠶᠡᠷᠦᠩᠭᠡᠢ ᠱᠦᠵᠢ ᠶᠢᠨ ᠬᠦᠰᠡᠯ ᠨᠠᠶᠢᠳᠠᠯᠭ᠎ᠠ ᠶᠢ ᠪᠠᠳᠤ ᠴᠡᠭᠡᠵᠢᠯᠡᠨ᠂ ᠠᠷᠠᠳ ᠲᠦᠮᠡᠨ ᠤ ᠠᠮᠢᠳᠤᠷᠠᠯ ᠳᠤ ᠬᠦᠨᠵᠡᠭᠡᠶᠢᠷᠡᠨ᠂ ᠦᠨᠳᠦᠰᠦᠨ ᠱᠠᠳᠤᠨ ᠳᠤ ᠦᠨᠳᠦᠰᠦᠯᠡᠬᠦ ᠪᠠᠷ ᠬᠠᠷᠠᠯᠳᠠ ᠪᠤᠯᠭᠠᠨ᠂ ᠪᠦᠬᠦ ᠰᠡᠳᠬᠢᠯ ᠪᠦᠬᠦ ᠵᠤᠷᠢᠭ ᠢᠶᠠᠷ ᠮᠠᠯᠴᠢᠨ ᠲᠠᠷᠢᠶᠠᠴᠢᠳ ᠲᠤ ᠦᠢᠯᠡᠴᠢᠯᠡᠬᠦ ᠶᠢ ᠪᠠᠷᠢᠮᠳᠠᠯᠠᠨ᠂ ᠠᠭᠤᠯᠭ᠎ᠠ ᠪᠠᠶᠠᠯᠢᠭ ᠬᠡᠯᠪᠡᠷᠢ ᠤᠯᠠᠨ᠂ ᠭᠤᠴᠤ ᠰᠠᠶᠢᠬᠠᠨ ᠳᠤᠭᠯᠠᠯᠳᠠ ᠪᠠ ᠨᠠᠮ ᠤᠨ ᠬᠠᠶᠢᠷ᠎ᠠ ᠬᠠᠯᠠᠮᠵᠢ ᠶᠢ ᠠᠷᠠᠳ ᠲᠦᠮᠡᠨ ᠳᠤ  ᠤᠯᠠᠮᠵᠢᠯᠠᠨ ᠬᠦᠷᠭᠡᠵᠦ᠂ ᠦᠨᠳᠦᠰᠦᠳᠡᠨ ᠤ ᠬᠢᠯᠢ ᠬᠢᠵᠠᠭᠠᠷ ᠤᠷᠤᠨ ᠤ ᠰᠤᠶᠤᠯ ᠤᠨ ᠬᠦᠭᠵᠢᠯᠳᠡ ᠳᠤ ᠤᠶᠢᠭ᠎ᠠ ᠦᠬᠡᠢ ᠬᠦᠳᠡᠯᠮᠦᠷᠢ ᠬᠦᠴᠦ ᠪᠠᠨ ᠡᠷᠬᠦᠭᠰᠡᠬᠡᠷ ᠢᠷᠡᠭᠰᠡᠨ  ᠶᠤᠮ᠃
    ᠶᠡᠷᠦᠩᠭᠡᠢ ᠱᠦᠵᠢ ᠰᠢ ᠶᠢᠨ ᠫᠢᠩ  ᠎ ᠶᠢᠨ ᠢᠯᠡᠭᠡᠭᠰᠡᠨ ᠬᠠᠷᠢᠭᠤ ᠵᠠᠬᠢᠳᠠᠯ ᠢ ᠳᠤᠰᠤᠭᠰᠠᠨ ᠨᠢ ᠤᠯᠠᠭᠠᠨᠮᠦ᠋ᠴᠢᠷ ᠤᠨ ᠬᠡᠰᠢᠬᠦᠳ ᠤᠨ ᠤᠷᠮ᠎ᠠ ᠵᠤᠷᠢᠭ ᠢ ᠤᠯᠠᠮ ᠬᠦᠭᠵᠢᠬᠡᠵᠦ᠂   ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠦ᠂ ᠠᠷᠠᠳ ᠲᠦᠮᠡᠨ ᠳᠡᠭᠡᠨ ᠨᠡᠩ ᠰᠠᠶᠢᠨ ᠦᠢᠯᠡᠴᠢᠯᠡᠬᠦ ᠡᠷᠴᠢ ᠵᠤᠷᠢᠭ ᠨᠢ ᠤᠯᠠᠮ  ᠬᠦᠪᠴᠢᠯᠡᠭᠳᠡᠨ᠂ ᠭᠤᠷᠪᠠᠨ ᠵᠢᠯ ᠤᠨ ᠲᠤᠷᠰᠢ᠂ 400 ᠭᠠᠷᠤᠢ ᠤᠳᠠᠭ᠎ᠠ ᠬᠦᠳᠡᠭᠡ ᠲᠤᠰᠬᠤᠨ ᠬᠤᠳᠠ ᠪᠠᠯᠭᠠᠰᠤ ᠪᠠᠷ ᠳᠤᠭᠯᠠᠯᠳᠠ ᠭᠠᠷᠭᠠᠨ᠂ ᠦᠵᠡᠭᠴᠢᠳ 50 ᠲᠦᠮᠡᠨ ᠬᠦᠮᠦᠨ ᠤᠳᠠᠭ᠎ᠠ ᠳᠤ  ᠬᠦᠷᠪᠡ᠃  ᠤᠯᠠᠭᠠᠨᠮᠦ᠋ᠴᠢᠷ ᠤᠨ ᠦᠵᠡᠭᠦᠯᠦᠯᠭᠡ ᠶᠢᠨ ᠲᠠᠩᠬᠢᠮ ᠵᠢᠯ ᠲᠤᠵᠢ ᠡᠬᠦᠳᠡᠨ ᠢᠶᠠᠨ ᠨᠡᠭᠡᠭᠡᠵᠦ᠂ ᠭᠤᠷᠪᠠᠨ ᠵᠢᠯ ᠤᠨ ᠲᠤᠷᠰᠢ 560 ᠢᠯᠡᠬᠦᠦ ᠤᠳᠠᠭᠠᠨ ᠤ ᠲᠤᠭᠤᠷᠢᠨ ᠦᠵᠡᠬᠦ ᠡᠬᠦᠷᠬᠡ ᠶᠢ ᠪᠡᠶᠡᠯᠡᠭᠦᠯᠦᠨ᠂ ᠲᠦᠮᠡᠨ ᠬᠦᠮᠦᠨ ᠤᠳᠠᠭᠠᠨ ᠤ ᠵᠤᠴᠢᠳ ᠢ ᠬᠦᠯᠢᠶᠡᠵᠠᠢ᠃  ᠪᠠᠰᠠ ︽ᠵᠢᠷᠦᠬᠡᠨ ᠬᠠᠶᠢᠷ᠎ᠠ︾᠂ ︽ᠨᠠᠨᠳᠢᠨ ᠵᠠᠬᠢᠳᠠᠯ︾᠂ ︽ᠲᠦᠷᠦᠬᠡᠨ ᠲᠡᠭᠡᠷ᠎ᠡ ᠲᠤᠰᠤᠭᠠᠭᠰᠠᠨ ᠰᠦ︾᠂  ︽ᠮᠤᠩᠭᠤᠯ ᠮᠤᠷᠢᠨ ᠤ ᠮᠠᠭᠳᠠᠭᠠᠯ︾᠂ ︽ᠤᠷᠠᠯᠠᠵᠦ ᠬᠠᠳᠬᠤᠭᠰᠠᠨ ᠤᠯᠠᠭᠠᠨ ᠲᠤᠭ︾ ᠵᠡᠷᠬᠡ ᠠᠷᠠᠳ ᠤᠯᠠᠨ ᠲᠠᠭᠠᠨ ᠲᠠᠭᠠᠰᠢᠶᠠᠭᠳᠠᠭᠰᠠᠨ ᠤᠯᠠᠨ ᠠᠷᠪᠢᠨ ᠤᠷᠠᠯᠢᠭ ᠤᠨ ᠪᠦᠲᠦᠬᠡᠯ ᠵᠤᠬᠢᠶᠠᠨ ᠪᠦᠲᠦᠭᠡᠵᠦ ᠲᠤᠭᠯᠠᠨ᠂  ᠤᠯᠤᠰ ᠤᠷᠤᠨ ᠠᠶᠢᠮᠠᠭ ᠤᠨ ᠱᠠᠳᠤᠨ ᠤ ᠠᠯᠢ ᠤᠯᠠᠨ ᠱᠠᠩᠨᠠᠯ ᠬᠦᠬᠢᠬᠦᠯᠦᠯ ᠢ ᠬᠦᠷᠲᠡᠪᠡ᠃
  ᠭᠤᠷᠪᠠᠨ ᠵᠢᠯ ᠤᠨ ᠲᠤᠷᠰᠢ᠂ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠪᠦᠬᠦ ᠤᠯᠤᠰ ᠤᠨ ︽ᠬᠠᠮᠤᠭ ᠤᠨ ᠭᠤᠶᠤ ᠡᠷᠡᠯᠭᠡᠭᠯᠡᠨ ᠲᠡᠮᠡᠴᠡᠭᠴᠢ︾᠂  ︽ᠪᠦᠬᠦ ᠤᠯᠤᠰ ᠤᠨ ᠦᠨᠳᠦᠰᠦᠳᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠳᠤ ᠨᠢᠭᠡᠴᠡ︾᠂ ︽ᠪᠦᠬᠦ ᠤᠯᠤᠰ ᠤᠨ ᠭᠤᠷᠪᠠᠨ ᠰᠠᠷ᠎ᠠ ᠶᠢᠨ  ᠨᠠᠢᠮᠠᠨ ᠤ ᠤᠯᠠᠭᠠᠨ ᠲᠤᠭᠴᠢ ᠶᠢᠨ ᠬᠠᠮᠳᠤ  ᠨᠢᠭᠡᠴᠡ︾᠂ ︽ᠪᠦᠬᠦ ᠤᠯᠤᠰ ᠤᠨ ᠵᠠᠯᠠᠭᠤᠴᠤᠳ ᠤᠨ ᠲᠠᠪᠤᠨ ᠰᠠᠷ᠎ᠠ ᠶᠢᠨ ᠲᠦᠷᠪᠡᠨ ᠤ ᠱᠠᠩᠨᠠᠯ ᠤᠨ ᠮᠧᠲᠠᠯ ᠤᠨ ᠬᠠᠮᠳᠤ ᠨᠢᠭᠡᠴᠡ︾᠂ ᠪᠦᠬᠦ ᠤᠷᠤᠨ ᠤ ︽ᠤᠮᠠᠷᠠᠲᠤ ᠬᠢᠯᠢ ᠶᠢᠨ ᠬᠤᠰᠢᠭᠤᠴᠢ ︾ ᠵᠡᠷᠬᠡ ᠠᠯᠢ ᠤᠯᠠᠨ ᠢᠷᠡᠭᠤ ᠠᠯᠳᠠᠷ ᠢ ᠬᠦᠷᠳᠡᠭᠰᠡᠨ ᠪᠠᠶᠢᠨ᠎ᠠ᠃
  ︵ᠵᠢᠷᠤᠭ ᠢ ᠬᠤᠰᠢᠭᠤ ᠤᠬᠠᠭᠤᠯᠬᠤ ᠬᠡᠯᠲᠡᠰ ᠠᠴᠠ ᠬᠠᠩᠭᠠᠪᠠ︶
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号